ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠱᠠᠩᠳᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠲᠠ ᠪᠠᠯᠭᠠᠰᠤᠨ ᠤ ᠤᠰᠤᠨ ᠤ ᠡᠬᠢ ᠪᠠᠶᠠᠯᠢᠭ ᠤᠨ ᠦᠶ᠋ᠯᠡᠴᠢᠯᠡᠭᠡᠨ ᠤ ᠲᠥᠪ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠮᠲᠤᠷᠠᠭᠰᠠᠨ ᠭᠤᠤᠯ ᠴᠣᠭᠴᠠ ᠶᠢᠨ ᠨᠠᠮ ᠤᠨ ᠡᠳᠦᠷ︾ ᠤᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2024/4/29
  4 ᠰᠠᠷ᠎ᠠ ᠶᠢᠨ 22 ᠤᠨ ᠡᠳᠦᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠱᠠᠩᠳᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠱᠠᠩᠳᠤ ᠰᠢᠶᠠᠨ ᠤ ᠬᠤᠲᠠ ᠪᠠᠯᠭᠠᠰᠤᠨ ᠤ ᠤᠰᠤᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠮᠲᠤᠷᠠᠭᠰᠠᠨ ᠪᠡᠶᠡᠴᠢ ᠴᠣᠭᠴᠠ ᠶᠢᠨ ᠨᠠᠮ ᠤᠨ ᠡᠳᠦᠷ︾ ᠤᠨ ᠠᠵᠢᠯᠯᠠᠭ᠎ᠠ ᠥᠷᠨᠢᠭᠦᠯᠵᠦ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠤᠨ ᠬᠤᠲᠠ ᠪᠠᠯᠭᠠᠰᠤᠨ ᠤ ᠤᠰᠤᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠤᠨ ᠨᠠᠮ ᠤᠨ ᠭᠡᠰᠢᠭᠦᠨ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠶᠢᠨ ᠳᠤᠮᠳᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠤᠨ ᠲᠤᠬᠠᠶ ᠰᠤᠷᠤᠯᠴᠠᠨ ᠶᠠᠷᠢᠯᠴᠠᠪᠠ᠃    ᠤᠯᠠᠨ ᠢᠶᠠᠷ ᠢᠶᠠᠨ᠄ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠣ᠂ ᠨᠠᠮ ᠤᠨ ᠲᠦᠷᠢᠮ ᠤᠨ ᠶᠡᠷᠦᠩᠬᠡᠢ ᠡᠬᠢ ᠡᠭᠦᠰᠦᠯ ᠠᠴᠠ ᠡᠭᠦᠰᠴᠦ᠂ ᠴᠢᠩᠭ᠎ᠠ ᠪᠠᠶᠢᠬᠤ ᠬᠦᠭ ᠠᠶᠠᠰ ᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠰᠠᠬᠢᠯᠭ᠎ᠠ ᠪᠠᠲᠤ ᠶᠢᠨ ᠵᠢᠷᠤᠮᠵᠢᠯ ᠢ ᠲᠡᠭᠦᠯᠳᠡᠷᠵᠢᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠨᠠᠭᠰᠢᠳᠠ ᠴᠢᠩᠳᠠᠯᠠᠵᠤ᠂ ᠡᠯ᠎ᠡ ᠵᠦᠢᠯ ᠤᠨ ᠰᠠᠬᠢᠯᠭ᠎ᠠ ᠪᠠᠲᠤ ᠶᠢ ᠪᠦᠬᠦ ᠲᠠᠯ᠎ᠠ ᠪᠠᠷ ᠴᠢᠩᠭ᠎ᠠ ᠪᠣᠯᠭᠠᠬᠤ ᠶᠢ ᠳᠠᠶᠢᠴᠢᠯᠠᠵᠤ᠂ ᠶᠠᠪᠤᠬᠤ ᠲᠤᠳᠤᠮ ᠰᠡᠭᠦᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠴᠢᠩᠭ᠎ᠠ ᠳᠣᠬᠢᠶ᠎ᠠ ᠶᠢ ᠪᠠᠳᠠᠷᠠᠭᠤᠯᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠦᠢᠯᠡᠳᠦᠯ ᠢ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ᠃    ᠤᠯᠠᠨ ᠢᠶᠠᠷ ᠢᠶᠠᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠡᠷᠬᠡᠪᠰᠢ ᠨᠢᠭᠡ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠵᠢᠱᠢᠶᠡᠴᠢ ᠪᠤᠯᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠨᠠᠮ ᠤᠨ ᠦᠢᠯᠡᠰ ᠲᠤ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ ᠭᠡᠵᠦ ᠢᠯᠡᠳᠬᠡᠵᠡᠭᠡᠪᠡ᠃    ᠳᠠᠷᠠᠭ᠎ᠠ ᠨᠢ᠂ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠳ ᠪᠦᠯᠢᠶᠡᠨ ᠭᠤᠤᠯ ᠤᠨ ᠤᠰᠤ ᠴᠡᠪᠡᠷᠰᠢᠭᠦᠯᠬᠦ ᠦᠢᠯᠡᠳᠪᠦᠷᠢ᠂ ᠤᠰᠤ ᠠᠷᠪᠢᠯᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2