ᠱᠠᠩᠳᠤ ᠰᠢᠶᠠᠨ ᠤ ᠡᠪᠯᠡᠯ ᠤᠨ ᠨᠠᠮ ᠤᠨ ᠬᠤᠷᠢᠶ᠎ᠠ ︽ᠤᠯᠤᠰ ᠢᠶᠠᠨ ᠬᠦᠴᠦᠷᠬᠡᠭᠵᠢᠭᠦᠯᠬᠦ ᠳᠤ ᠪᠢ ᠨᠠᠮ ᠰᠠᠨᠠᠭ᠎ᠠ ᠠᠮᠤᠷ ᠪᠠᠶᠢᠭᠠᠷᠠᠢ︾ ︽ᠤᠯᠠᠭᠠᠨ ᠪᠥᠴᠡᠲᠡᠨ ᠤ ᠲᠠᠶᠢᠯᠪᠤᠷᠢᠯᠠᠭᠴᠢ︾ ᠶᠢᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/29
   ᠰᠢᠨ᠎ᠡ ᠴᠠᠭ ᠦᠶ᠎ᠡ ᠶᠢᠨ ᠪᠠᠭᠠᠴᠤᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠲᠡᠳᠡᠨ ᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠤᠯᠴᠠᠯᠭ᠎ᠠ ᠶᠢᠨ ᠬᠥᠲᠥᠯᠥᠨ ᠳᠠᠭᠠᠭᠤᠯᠤᠭᠴᠢ ᠪᠠ ᠭᠠᠯ ᠪᠠᠮᠪᠠᠷᠴᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 25 ᠤ ᠡᠳᠦᠷ᠂ ᠱᠠᠩᠳᠤ ᠰᠢᠶᠠᠨ ᠤ ᠡᠪᠯᠡᠯ ᠤᠨ ᠨᠠᠮ ᠤᠨ ᠬᠤᠷᠢᠶ᠎ᠠ ᠫᠢᠩ ᠠᠨ ᠪᠠᠭ᠎ᠠ ᠰᠤᠷᠭᠠᠭᠤᠯᠢ ᠶᠢᠨ 80 ᠭᠠᠷᠤᠶ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠵᠤ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠬᠦᠷᠴᠦ ︽ᠤᠯᠤᠰ ᠢᠶᠠᠨ ᠬᠦᠴᠦᠷᠬᠡᠭᠵᠢᠭᠦᠯᠬᠦ ᠳᠤ ᠪᠢ ᠨᠠᠮ ᠰᠠᠨᠠᠭ᠎ᠠ ᠠᠮᠤᠷ ᠪᠠᠶᠢᠭᠠᠷᠠᠢ︾ ︽ᠤᠯᠠᠭᠠᠨ ᠪᠥᠴᠡᠲᠡᠨ ᠤ ᠲᠠᠶᠢᠯᠪᠤᠷᠢᠯᠠᠭᠴᠢ︾ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃    ᠲᠤᠰ ᠤᠳᠠᠭᠠᠨ ᠤ ᠠᠵᠢᠯᠯᠠᠭ᠎ᠠ ᠨᠢ ᠤᠶᠤᠨ ᠰᠠᠨᠠᠭᠠᠨ ᠤ ᠴᠠᠳᠢᠭ ᠤᠨ ᠦᠵᠡᠭᠦᠯᠦᠯᠭᠡ ᠶᠢ ᠲᠣᠭᠤᠷᠢᠨ ᠦᠵᠡᠵᠦ᠂ ᠲᠠᠶᠢᠯᠪᠤᠷᠢᠯᠠᠭᠴᠢ ᠠᠴᠠ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠳ ᠤᠨ ᠤᠯᠤᠰ ᠢᠶᠠᠨ ᠬᠠᠶᠢᠷᠠᠯᠠᠬᠤ᠂ ᠬᠠᠷᠠᠮ ᠦᠭᠡᠢ ᠵᠣᠷᠢᠭᠤᠯᠬᠤ᠂ ᠲᠡᠮᠡᠴᠡᠯ ᠤᠨ ᠦᠯᠢᠭᠡᠷ ᠢ ᠶᠠᠷᠢᠵᠤ᠂ ᠠᠭᠤᠤ ᠶᠡᠭᠡ ᠳᠤᠮᠳᠠᠳᠤ ᠤᠯᠤᠰ ᠤᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠡᠦᠬᠡᠳ ᠤᠳ ᠢ ᠦᠵᠡᠯ ᠰᠠᠨᠠᠭᠠᠨ ᠤ ᠲᠠᠯ᠎ᠠ ᠪᠠᠷ ᠵᠣᠷᠢᠭᠵᠢᠭᠤᠯᠤᠯ ᠪᠣᠯᠤᠭᠰᠠᠨ ᠪᠠᠶᠢᠨ᠎ᠠ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠯᠠᠪᠠᠢ ᠣᠷᠳᠣᠨ ᠤ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠬᠠᠷᠢᠯᠴᠠᠨ ᠬᠥᠳᠡᠯᠦᠯᠴᠡᠬᠦ ᠴᠢᠨᠠᠷᠲᠠᠢ᠂ ᠣᠶᠢᠯᠠᠭᠠᠬᠤ ᠴᠢᠨᠠᠷᠲᠠᠢ ᠲᠦᠷᠦᠯ ᠵᠦᠢᠯ ᠢᠶᠠᠷ ᠳᠠᠮᠵᠢᠭᠤᠯᠵᠤ ᠂ ᠰᠢᠨᠵᠢᠯᠡᠬᠦ ᠤᠬᠠᠭᠠᠨ ᠤ ᠭᠠᠶᠢᠬᠠᠮᠰᠢᠭᠲᠤ ᠰᠡᠳᠬᠢᠯᠭᠡ ᠪᠣᠯᠤᠨ ᠷᠢᠳᠢ ᠰᠢᠳᠢ ᠶᠢ ᠭᠦᠢᠴᠡᠳ ᠮᠡᠳᠡᠷᠡᠵᠦ᠂ ᠰᠢᠨᠵᠢᠯᠡᠬᠦ ᠤᠬᠠᠭᠠᠨ ᠢ ᠬᠠᠶᠢᠨ ᠰᠦᠪᠡᠭᠴᠢᠯᠡᠬᠦ ᠬᠠᠯᠠᠭᠤᠨ ᠰᠡᠳᠬᠢᠯᠭᠡ ᠪᠣᠯᠤᠨ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠰᠠᠶᠢᠲᠤᠷ ᠰᠤᠷᠤᠯᠴᠠᠬᠤ ᠬᠥᠳᠡᠯᠭᠡᠬᠦ ᠬᠦᠴᠦᠨ ᠢ ᠬᠥᠭᠵᠢᠭᠡᠵᠡᠢ᠃    ᠣᠶᠢᠯᠠᠭᠠᠭᠰᠠᠨ ᠢᠶᠠᠷ᠂ ᠬᠤᠶᠢᠰᠢᠳᠠ᠂ ︽ᠤᠯᠠᠭᠠᠨ ᠪᠥᠴᠡᠲᠡᠨ ᠤ ᠲᠠᠶᠢᠯᠪᠤᠷᠢᠯᠠᠭᠴᠢ︾ ᠦᠶ᠋ᠯᠡᠳᠦᠯᠭᠡ ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠪᠠᠶᠢᠩᠭᠤᠵᠢᠭᠤᠯᠤᠨ ᠥᠷᠨᠢᠭᠦᠯᠵᠦ᠂ ᠨᠠᠩ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠬᠦᠷᠴᠦ᠂ ᠰᠢᠨᠵᠢᠯᠡᠬᠦ ᠤᠬᠠᠭᠠᠨ ᠢ ᠡᠷᠬᠢᠮᠯᠡᠵᠦ᠂ ᠰᠢᠨᠵᠢᠯᠡᠬᠦ ᠤᠬᠠᠭᠠᠨ ᠢ ᠬᠠᠶᠢᠷᠠᠯᠠᠵᠤ᠂ ᠰᠢᠨᠵᠢᠯᠡᠬᠦ ᠤᠬᠠᠭᠠᠨ ᠢ ᠰᠤᠷᠤᠯᠴᠠᠵᠤ᠂ ᠰᠢᠨᠵᠢᠯᠡᠬᠦ ᠤᠬᠠᠭᠠᠨ ᠢ ᠬᠡᠷᠡᠭᠯᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠶ᠋ᠯᠡᠴᠢᠯᠡᠭᠡᠨ ᠤ ᠨᠢᠭᠡᠳᠦᠭᠡᠷ ᠹᠷᠣᠨᠲ ᠲᠤ ᠰᠢᠨ᠎ᠡ ᠴᠠᠭ ᠦᠶ᠎ᠡ ᠶᠢᠨ ᠤᠯᠠᠭᠠᠨ ᠪᠥᠴᠡᠲᠡᠨ ᠤ ᠲᠠᠶᠢᠯᠪᠤᠷᠢᠯᠠᠭᠴᠢ ᠶᠢᠨ ᠣᠶᠤᠨ ᠰᠠᠨᠠᠭᠠᠨ ᠤ ᠴᠤᠭ ᠵᠢᠪᠬᠤᠭ᠎ᠠ ᠶᠢ ᠢᠯᠡᠷᠡᠭᠦᠯᠬᠦ ᠪᠣᠯᠤᠨ᠎ᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2