ᠱᠠᠩᠳᠤ ᠰᠢᠶᠠᠨ ᠤ 2024 ᠣᠨ ᠤ ︽ᠠᠵᠢᠯᠲᠠᠨ ᠤ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/4/29
   ᠪᠦᠬᠦ ᠰᠢᠶᠠᠨ ᠤ ᠥᠷᠭᠡᠨ ᠣᠯᠠᠨ ᠺᠠᠳ᠋ᠷ ᠠᠵᠢᠯᠲᠠᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠫᠢᠩᠫᠠᠩ ᠪᠥᠮᠪᠦᠭᠡ ᠶᠢᠨ ᠬᠥᠳᠡᠯᠭᠡᠭᠡᠨ ᠢ ᠲᠦᠭᠡᠮᠡᠯᠵᠢᠭᠦᠯᠬᠦ ᠪᠠ ᠬᠥᠭᠵᠢᠭᠦᠯᠬᠦ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 28 ᠤ ᠡᠳᠦᠷ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠪᠯᠡᠯ ᠤᠨ ᠰᠢᠶᠠᠨ ᠤ ᠬᠤᠷᠢᠶ᠎ᠠ ᠠᠴᠠ ᠬᠠᠮᠲᠤᠷᠠᠨ ᠡᠷᠭᠢᠯᠡᠵᠦ᠂ ᠥᠪᠥᠷ ᠮᠣᠩᠭᠤᠯ ᠤᠨ ᠯᠢ ᠳ᠋ᠤᠤ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠭᠢᠯᠡᠭᠰᠡᠨ ᠱᠠᠩᠳᠤ ᠰᠢᠶᠠᠨ ᠤ 2024 ᠣᠨ ᠤ ︽ᠠᠵᠢᠯᠲᠠᠨ ᠤ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠱᠠᠩᠳᠤ ᠰᠢᠶᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠡᠬᠢᠯᠡᠪᠡ᠃    ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ ᠤᠷᠤᠯᠳᠤᠭᠠᠨ ᠵᠢᠩᠬᠢᠨᠢ ᠪᠠᠷ ᠡᠬᠢᠯᠡᠭᠰᠡᠨ ᠢ ᠵᠠᠷᠯᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠧᠢ ᠸᠧᠢ ᠡᠬᠢᠯᠡᠯᠲᠡ ᠶᠢᠨ ᠦᠭᠡ ᠬᠡᠯᠡᠪᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠲᠤᠰ ᠤᠳᠠᠭᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠨᠢ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠶᠤ - ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠵᠤ ᠨᠠᠮ ᠢᠶᠠᠨ ᠳᠠᠭᠠᠵᠤ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ︾ ᠢᠶᠠᠷ ᠭᠤᠣᠯ ᠰᠡᠳᠦᠪ ᠪᠣᠯᠭᠠᠵᠤ᠂ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠦᠬᠦ ᠰᠢᠶᠠᠨ ᠤ 38 ᠠᠵᠢᠯᠳᠠᠨ ᠤᠷᠤᠯᠳᠤᠭᠠᠨ ᠳᠤ ᠣᠷᠣᠯᠴᠠᠵᠤ᠂ ᠡᠷᠡᠭᠲᠡᠢ ᠶᠢᠨ ᠳᠠᠩ ᠢᠶᠠᠷ ᠴᠣᠬᠢᠬᠤ᠂ ᠡᠮᠡᠭᠲᠡᠢ ᠶᠢᠨ ᠳᠠᠩ ᠢᠶᠠᠷ ᠴᠣᠬᠢᠬᠤ ᠪᠠ ᠬᠤᠯᠢᠮᠠᠭ ᠪᠦᠯᠬᠦᠮ ᠵᠡᠷᠭᠡ ᠭᠤᠷᠪᠠᠨ ᠤᠷᠤᠯᠳᠤᠭᠠᠨ ᠤ ᠲᠦᠷᠦᠯ ᠵᠦᠢᠯ ᠢ ᠲᠤᠬᠢᠷᠠᠭᠤᠯᠪᠠ᠃    ᠤᠷᠤᠯᠳᠤᠭᠠᠨ ᠤ ᠲᠠᠯᠠᠪᠤᠷ ᠲᠤ᠂ ᠲᠠᠮᠢᠷᠴᠢᠳ ᠯᠠᠪᠳᠠᠭᠤᠨ ᠲᠣᠭᠲᠠᠭᠤᠨ ᠢᠶᠠᠷ ᠪᠠᠶᠢᠯᠳᠤᠵᠤ᠂ ᠬᠦᠴᠦᠷᠬᠡᠭ ᠠᠴᠠ ᠠᠶᠤᠬᠤ ᠥᠬᠡᠶ᠂ ᠵᠣᠷᠢᠭᠲᠠᠶ ᠪᠠᠷ ᠲᠡᠮᠡᠴᠡᠵᠦ᠂ ᠤᠷᠤᠯᠳᠤᠭᠠᠨ ᠤ ᠲᠠᠯᠠᠪᠤᠷ ᠲᠠᠬᠢ ᠭᠤᠶᠢᠳᠠ ᠰᠠᠶᠢᠬᠠᠨ ᠵᠢᠷᠤᠭ ᠵᠠᠯᠭᠠᠭ᠎ᠠ ᠪᠠᠷ ᠲᠠᠰᠤᠷᠠᠯᠲᠠ ᠥᠬᠡᠶ ᠭᠠᠷᠴᠤ᠂ ᠪᠥᠮᠪᠦᠭᠡ ᠳᠡᠯᠪᠢᠨ ᠵᠠᠪᠳᠤᠨ ᠳᠠᠭᠠᠷᠢᠬᠤ᠂ ᠵᠦᠯᠭᠦᠭᠦᠷ ᠪᠥᠮᠪᠥᠭᠡᠨ ᠱᠤᠭᠤᠮ ᠬᠤᠪᠢᠷᠠᠬᠤ᠂ ᠡᠰᠡᠷᠭᠦ ᠭᠠᠷ ᠢᠶᠠᠷ ᠬᠠᠰᠢᠬᠤ᠂ ᠵᠥᠪ ᠪᠤᠷᠤᠭᠤ ᠭᠠᠷ ᠢᠶᠠᠷ ᠨᠤᠮᠤ ᠲᠠᠲᠠᠬᠤ ᠵᠡᠷᠭᠡ ᠥᠨᠳᠥᠷ ᠬᠦᠴᠢᠷ ᠤᠨ ᠬᠦᠳᠡᠯᠦᠯ ᠵᠠᠯᠭᠠᠭ᠎ᠠ ᠪᠠᠷ ᠭᠠᠷᠴᠤ ᠪᠠᠶᠢᠨ᠎ᠠ᠃ ᠤᠷᠤᠯᠳᠤᠭᠠᠨ ᠢᠶᠠᠷ ᠲᠠᠮᠵᠢᠨ᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠺᠠᠳ᠋ᠷ ᠠᠵᠢᠯᠳᠠᠨ ᠠᠵᠢᠯᠴᠢᠨ ᠤ ᠰᠣᠯᠢᠯᠴᠠᠭ᠎ᠠ ᠬᠠᠮᠵᠢᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠮᠠᠨ ᠤ ᠰᠢᠶᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠤᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢ ᠠᠬᠢᠭᠤᠯᠪᠠ᠃    ᠱᠠᠩᠳᠤ ᠰᠢᠶᠠᠨ ᠤ ᠱᠢ ᠵᠢᠢ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠷᠧᠨ ᠵᠢᠶᠧ ᠬᠡᠯᠡᠬᠦ ᠳᠡᠭᠡᠨ᠄ ︽ᠪᠦᠬᠦ ᠰᠢᠶᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠳᠤ ᠮᠠᠰᠢ ᠠᠵᠠ ᠲᠠᠢ ᠣᠷᠣᠯᠴᠠᠵᠤ᠂ ᠨᠢᠭᠡᠨ ᠡᠩ ᠤᠨ ᠲᠠᠮᠢᠷᠴᠢᠨ ᠪᠣᠯᠤᠭᠰᠠᠨ ᠤ ᠬᠤᠪᠢ ᠳᠤ᠂ ᠪᠢ ᠯᠠᠪᠲᠠᠢ ᠨᠠᠷᠢᠨ ᠬᠢᠨᠠᠮᠠᠭᠠᠢ ᠬᠠᠨᠳᠤᠵᠤ᠂ ᠬᠢᠷᠢ ᠲᠦᠪᠰᠢᠨ ᠲᠠᠢ ᠪᠠᠶᠢᠵᠤ᠂ ᠬᠡᠪ ᠨᠠᠮᠪᠠ ᠲᠠᠢ ᠪᠠᠶᠢᠵᠤ᠂ ᠨᠥᠬᠦᠷᠯᠡᠯ ᠤᠨ ᠨᠢᠭᠡᠳᠦᠭᠡᠷ᠂ ᠤᠷᠤᠯᠳᠤᠭᠠᠨ ᠤ ᠬᠤᠶᠠᠳᠤᠭᠠᠷ ᠲᠤ᠂ ᠰᠠᠶᠢᠨ ᠬᠢᠷᠢ ᠪᠦᠲᠦᠮᠵᠢ ᠭᠠᠷᠭᠠᠬᠤ ᠪᠠᠷ ᠴᠢᠷᠮᠠᠶᠢᠨ᠎ᠠ︾ ᠭᠡᠪᠡ᠃
ᠣᠷᠴᠢᠭᠤᠯᠣᠭᠴᠢ  ᠄ ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2