ᠱᠠᠩᠳᠤ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠤᠬᠠᠭᠤᠯᠬᠤ ᠰᠠᠯᠪᠤᠷᠢ ᠪᠠᠭ᠎ᠠ ᠠᠩᠭᠢ ᠳᠠᠭᠠᠭᠠᠴᠢᠯᠠᠭᠰᠠᠨ ᠭᠠᠴᠠᠭᠠᠨ ᠤ ᠠᠷᠠᠳ ᠤᠨ ᠵᠥᠪᠯᠡᠯ ᠳᠤ ᠭᠦᠨᠵᠡᠭᠡᠶᠢᠷᠡᠨ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/29
  2022 ᠣᠨ ᠤ 5 ᠰᠠᠷ᠎ᠠ ᠶᠢᠨ 1 ᠤ ᠡᠳᠦᠷ ᠤᠨ ︽ᠳᠦᠷᠢᠮ︾ ᠢ ᠬᠡᠷᠡᠭᠵᠢᠭᠦᠯᠦᠭᠰᠡᠨ ᠠᠴᠠ ᠨᠠᠰᠢ᠂ ᠱᠠᠩᠳᠤ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ︽ᠳᠦᠷᠢᠮ︾ ᠢ ᠣᠶᠢᠯᠠᠭᠠᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃ ︽ᠲᠦᠷᠢᠮ ︾ ᠤᠨ ᠤᠬᠠᠭᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 25 ᠤ ᠡᠳᠦᠷ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠤᠬᠠᠭᠤᠯᠬᠤ ᠰᠠᠯᠪᠤᠷᠢ ᠪᠠᠭ᠎ᠠ ᠠᠩᠭᠢ ᠭᠠᠴᠠᠭᠠᠨ ᠳᠤ ᠭᠦᠨᠵᠡᠭᠡᠶᠢᠷᠡᠨ ᠡᠷᠦᠬᠡ ᠳᠤ ᠣᠷᠣᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠪᠠ᠃ ᠤᠬᠠᠭᠤᠯᠬᠤ ᠶᠠᠪᠤᠴᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾᠂ ᠢᠲᠡᠭᠡᠮᠵᠢ ᠶᠢᠨ ᠤᠬᠠᠭᠤᠯᠭ᠎ᠠ ᠶᠢᠨ ᠮᠠᠲ᠋ᠧᠷᠢᠶᠠᠯ ᠢ 300 ᠭᠠᠷᠤᠶ ᠬᠤᠪᠢ ᠲᠠᠷᠬᠠᠭᠠᠭᠰᠠᠨ ᠪᠥᠭᠡᠳ ᠲᠤᠬᠠᠶ ᠶᠢᠨ ᠲᠠᠯᠠᠪᠤᠷ ᠲᠤ ᠣᠯᠠᠨ ᠲᠦᠮᠡᠨ ᠤ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠳᠤ ᠬᠠᠷᠢᠭᠤᠯᠲᠠ ᠥᠭᠴᠦ᠂ ᠣᠯᠠᠨ ᠲᠦᠮᠡᠨ ᠤ ︽ᠲᠦᠷᠢᠮ︾ ᠢ ᠣᠶᠢᠯᠠᠭᠠᠬᠤ ᠬᠡᠮᠵᠢᠶ᠎ᠡ ᠪᠠ ᠨᠥᠯᠥᠭᠡᠯᠡᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠪᠡ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠵᠤ᠂ ᠣᠯᠠᠨ ᠲᠦᠮᠡᠨ ᠤ ︽ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠭ᠎ᠠ︾ ᠶᠢᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠣᠯᠠᠨ ᠲᠦᠮᠡᠨ ᠳᠤ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠭᠡᠬᠦ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠵᠠᠬᠢᠳᠠᠯ ᠰᠤᠷᠪᠤᠯᠵᠢᠯᠠᠯ ᠤᠨ ᠰᠠᠶᠢᠨ ᠰᠠᠶᠢᠬᠠᠨ ᠡᠮᠬᠢ ᠵᠢᠷᠤᠮ ᠢ ᠪᠣᠶ ᠪᠣᠯᠭᠠᠵᠤ ᠥᠭᠴᠡᠶ᠃    ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠᠰᠠ ᠨᠢᠭᠡᠴᠡ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ ᠵᠡᠷᠭᠡ ᠳᠤ ᠦᠷᠭᠦᠯᠵᠢᠯᠡᠨ ᠭᠦᠨᠵᠡᠭᠡᠶᠢᠷᠡᠵᠦ᠂ ︽ᠲᠦᠷᠢᠮ︾ ᠢ ᠰᠤᠷᠤᠯᠴᠠᠬᠤ ᠪᠠ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠣᠯᠠᠨ ᠬᠡᠯᠪᠡᠷᠢ᠂ ᠪᠥᠬᠦ ᠲᠠᠯ᠎ᠠ ᠪᠠᠷ ᠥᠷᠨᠢᠭᠦᠯᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠠᠤᠯᠢ ᠪᠠᠷ ᠵᠠᠰᠠᠬᠤ ᠣᠶᠢᠯᠠᠭᠠᠭᠳᠠᠬᠤᠨ ᠢᠶᠠᠨ ᠴᠢᠩᠭᠠᠳᠬᠠᠬᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠥᠯᠭᠢᠨ ᠠᠬᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠱᠠᠲᠤ ᠳᠠᠷᠠᠭᠠᠯᠠᠨ ᠣᠶᠤᠨᠴᠢ ᠪᠠᠷ ᠡᠮᠬᠢ ᠵᠢᠷᠤᠮ ᠲᠠᠢ ᠪᠠᠷ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠪᠠᠨ ᠢᠯᠡᠳᠬᠡᠨ᠎ᠡ᠃
ᠣᠷᠴᠢᠭᠤᠯᠣᠭᠴᠢ  ᠄ ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2