ᠢᠷᠡᠭᠡᠳᠦᠢ ᠪᠠᠨ ᠴᠣᠭᠴᠠᠯᠠᠶ᠎ᠠ · ᠨᠠᠮ ᠰᠠᠨᠠᠭ᠎ᠠ ᠠᠮᠤᠷ ᠤᠯᠤᠰ ᠢᠶᠠᠨ ᠬᠦᠴᠦᠷᠬᠡᠭᠵᠢᠭᠦᠯᠬᠦ ᠶᠢ ᠪᠢ ᠬᠦᠰᠡᠶ᠎ᠡ - ᠱᠠᠩᠳᠤ ᠰᠢᠶᠠᠨ ᠤ ᠡᠪᠯᠡᠯ ᠤᠨ ᠨᠠᠮ ᠤᠨ ᠬᠤᠷᠢᠶ᠎ᠠ ᠰᠢᠷᠢᠰ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/29
  ᠣᠶᠢᠷ᠎ᠠ ᠳᠤ᠂ ᠱᠠᠩᠳᠤ ᠰᠢᠶᠠᠨ ᠤ ᠡᠪᠯᠡᠯ ᠤᠨ ᠬᠤᠷᠢᠶ᠎ᠠ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠡᠷ ᠪᠦᠯᠢ ᠶᠢᠨ ᠰᠤᠷᠭᠠᠨ ᠬᠥᠮᠦᠵᠢᠯ ᠤᠨ ᠳᠡᠭᠡᠳᠦ ᠵᠡᠷᠭᠡ ᠶᠢᠨ ᠵᠢᠯᠣᠭᠤᠳᠣᠭᠴᠢ ᠯᠢᠦ ᠯᠢ ᠰᠢᠶᠠ᠂ ᠡᠪᠯᠡᠯ ᠤᠨ ᠬᠤᠷᠢᠶᠠᠨ ᠤ ᠤᠯᠠᠭᠠᠨ ᠪᠥᠴᠡᠲᠡᠨ ᠤ ᠲᠣᠭᠤᠷᠢᠨ ᠲᠠᠶᠢᠯᠪᠤᠷᠢᠯᠠᠬᠤ ᠪᠦᠯᠬᠦᠮ ᠤᠨ ᠯᠧᠺᠲ᠋ᠣᠷ ᠵᠠᠩ ᠮᠢᠩ ᠰᠢᠶᠠ ᠵᠢᠴᠢ ᠱᠠᠩᠳᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠶᠡᠷᠦᠩᠬᠡᠶᠢᠯᠡᠨ ᠰᠢᠭᠦᠨ ᠲᠠᠰᠤᠯᠬᠤ ᠲᠢᠩᠬᠢᠮ ᠤᠨ ᠳᠠᠷᠤᠭ᠎ᠠ ᠬᠤᠤ ᠰᠢᠶᠣᠤ ᠶᠠᠨ ᠱᠠᠩᠳᠤ ᠰᠢᠶᠠᠨ ᠤ ᠵᠢᠤᠢ ᠬᠤᠩ ᠹᠧᠩ ᠬᠤᠸᠠ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠱᠠᠩᠳᠤ ᠰᠢᠶᠠᠨ ᠤ ᠱᠢ ᠵᠢᠢ ᠪᠠᠭ᠎ᠠ ᠰᠤᠷᠭᠠᠭᠤᠯᠢ ᠪᠣᠯᠤᠨ ᠱᠠᠩᠳᠤ ᠰᠢᠶᠠᠨ ᠤ ᠲᠠᠪᠤᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠰᠢᠷᠢᠰ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃    ᠵᠢᠤᠢ ᠬᠤᠩ ᠹᠧᠩ ᠬᠤᠸᠠ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ᠂ ᠯᠢᠦ ᠯᠢ ᠰᠢᠶᠠ ︽ᠤᠴᠢᠷ ᠶᠠᠪᠤᠳᠠᠯ ᠢ ᠬᠡᠯᠡᠬᠦ ᠳᠤ 12355 ᠲᠠᠨ ᠢ ᠬᠠᠮᠠᠭᠠᠯᠠᠵᠤ ᠥᠭᠭᠦᠨ᠎ᠡ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠰᠤᠷᠤᠭᠴᠢᠳ ᠲᠤ 12355 ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠪᠣᠯᠤᠨ ᠬᠡᠷᠡᠭᠴᠡᠭᠡ ᠶᠢ ᠨᠠᠷᠢᠨ ᠲᠠᠶᠢᠯᠪᠤᠷᠢᠯᠠᠵᠤ᠂ ᠵᠠᠯᠠᠭᠤᠴᠤᠳ ᠪᠠᠭᠠᠴᠤᠳ ᠤᠨ ᠰᠤᠷᠤᠯᠴᠠᠬᠤ ᠳᠤᠷᠠᠲᠠᠶ᠂ ᠰᠤᠷᠴᠤ ᠴᠢᠳᠠᠬᠤ᠂ ᠤᠬᠠᠭᠤᠯᠬᠤ ᠳᠤᠷᠠᠲᠠᠶ ᠠᠷᠭ᠎ᠠ ᠬᠡᠯᠪᠡᠷᠢ ᠪᠠᠷ ᠵᠠᠯᠠᠭᠤᠴᠤᠳ ᠪᠠᠭᠠᠴᠤᠳ ᠢ ᠬᠠᠪᠰᠤᠷᠤᠨ ᠥᠪᠡᠷ ᠢ ᠪᠠᠨ ᠬᠠᠮᠠᠭᠠᠯᠠᠬᠤ ᠮᠡᠳᠡᠯᠭᠡ ᠪᠠ ᠤᠷ᠎ᠠ ᠴᠢᠳᠠᠪᠤᠷᠢ ᠶᠢ ᠲᠠᠰᠤᠷᠠᠯᠳᠠ ᠦᠭᠡᠢ ᠡᠵᠡᠮᠰᠢᠭᠦᠯᠵᠦ᠂ ᠥᠪᠡᠷ ᠢ ᠪᠠᠨ ᠬᠠᠮᠠᠭᠠᠯᠠᠵᠤ᠂ ᠬᠠᠮᠲᠤ ᠰᠤᠷᠤᠭᠴᠢ ᠪᠠᠨ ᠬᠠᠯᠠᠮᠵᠢᠯᠠᠨ ᠬᠠᠶᠢᠷᠠᠯᠠᠭᠤᠯᠪᠠ᠃    ᠱᠢ ᠵᠢᠢ ᠪᠠᠭ᠎ᠠ ᠰᠤᠷᠭᠠᠭᠤᠯᠢ ᠳᠤ᠂ ᠵᠠᠩ ᠮᠢᠩ ᠰᠢᠶᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠳᠤᠷᠠᠳᠤᠭᠰᠠᠨ ᠪᠠ ᠭᠤᠣᠯ ᠤᠳᠬ᠎ᠠ ᠰᠠᠨᠠᠭ᠎ᠠ᠂ ᠶᠠᠭᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠴᠣᠭᠴᠠᠯᠠᠬᠤ ᠵᠡᠷᠭᠡ ᠲᠠᠯ᠎ᠠ ᠪᠠᠷ ᠲᠠᠶᠢᠯᠤᠮᠵᠢ ᠬᠢᠵᠡᠢ᠃ ᠮᠠᠨ ᠤ ᠤᠯᠤᠰ ᠨᠡᠶᠢᠲᠡ ᠬᠡᠳᠦᠢ ᠦᠨᠳᠦᠰᠦᠲᠡᠨ ᠲᠠᠢ ᠪᠤᠢ︖ ᠲᠠ ᠨᠠᠷ ᠶᠠᠮᠠᠷ ᠴᠥᠭᠡᠨ ᠲᠣᠭᠠᠲᠤ ᠦᠨᠳᠦᠰᠦᠲᠡᠨ ᠭᠡᠵᠦ ᠬᠡᠯᠡᠵᠦ ᠴᠢᠳᠠᠨ᠎ᠠ ᠪᠤᠢ︖ ᠲᠤᠬᠠᠶ ᠶᠢᠨ ᠲᠠᠯᠠᠪᠠᠶ ᠳᠤ ᠪᠠᠰᠠ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠥᠷᠨᠢᠭᠦᠯᠵᠦ᠂ ᠰᠤᠷᠤᠭᠴᠢᠳ ᠢᠳᠡᠪᠬᠢᠲᠡᠶ ᠪᠠᠷ ᠬᠠᠷᠢᠭᠤ ᠥᠭᠴᠦ᠂ ᠦᠯᠦ ᠮᠡᠳᠡᠭᠳᠡᠮ᠎ᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠵᠡᠶ᠃    ᠲᠠᠪᠤᠳᠤᠭᠠᠷ ᠳᠤᠮᠳᠠᠳᠤ ᠰᠤᠷᠭᠠᠭᠤᠯᠢ ᠳᠤ᠂ ᠬᠤᠤ ᠰᠢᠶᠣᠤ ᠶᠠᠨ ︽ᠬᠠᠤᠯᠢ ᠴᠠᠭᠠᠵᠠ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ᠂ ᠬᠠᠤᠯᠢ ᠳᠦᠷᠢᠮ ᠢᠶᠠᠷ ᠦᠰᠦᠨ ᠪᠤᠶᠢᠵᠢᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ︽ᠪᠠᠭᠠᠴᠤᠳ ᠤᠨ ᠲᠠᠨ︾ ᠤ ᠳᠤᠮᠳᠠᠬᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠭᠤᠯᠤᠨ᠂ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠢᠯᠡᠷᠡᠬᠦ ᠬᠡᠯᠪᠡᠷᠢ᠂ ᠡᠭᠦᠰᠦᠭᠰᠡᠨ ᠰᠢᠯᠲᠠᠭᠠᠨ᠂ ᠬᠠᠤᠯᠢ ᠴᠠᠭᠠᠵᠠ ᠶᠢᠨ ᠦᠷ᠎ᠡ ᠳ᠋ᠦᠩ ᠵᠢᠴᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠵᠡᠷᠭᠡ ᠲᠠᠯ᠎ᠠ ᠶᠢᠨ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠠᠪᠴᠢᠷᠠᠭᠰᠠᠨ ᠬᠤᠤᠷ ᠬᠥᠨᠥᠭᠡᠯ ᠢ ᠭᠦᠨᠵᠡᠭᠡᠶ ᠲᠠᠨᠢᠭᠤᠯᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃    ᠱᠠᠩᠳᠤ ᠰᠢᠶᠠᠨ ᠤ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ ᠸᠧᠩ ᠢ ᠬᠡᠯᠡᠬᠦ ᠳᠡᠭᠡᠨ᠂ ᠲᠣᠰ ᠤᠳᠠᠭᠠᠨ ᠤ ᠲᠠᠶᠢᠯᠤᠮᠵᠢ ᠨᠢ ᠮᠠᠨ ᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠠᠵᠢᠯᠯᠠᠭ᠎ᠠ ᠶᠢᠨ ᠲᠤᠬᠠᠶ ᠲᠠᠨᠢᠯᠲᠠ ᠪᠠ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠭᠰᠠᠨ ᠪᠥᠭᠡᠳ ᠪᠠᠰᠠ ᠮᠠᠨ ᠤ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠪᠠᠭᠰᠢ᠂ ᠬᠡᠷ ᠤᠨ ᠠᠬᠠᠮᠠᠳ ᠲᠠᠢ ᠨᠡᠪᠲᠡᠷᠡᠯᠴᠡᠵᠦ᠂ ᠬᠠᠤᠯᠢ ᠴᠠᠭᠠᠵᠠ ᠪᠠᠷ ᠥᠪᠡᠷ ᠢ ᠪᠠᠨ ᠬᠠᠮᠠᠭᠠᠯᠠᠵᠤ᠂ ᠪᠤᠰᠤᠳ ᠢ ᠬᠠᠮᠠᠭᠠᠯᠠᠬᠤ ᠶᠢ ᠰᠤᠷᠴᠠᠶ᠃
ᠣᠷᠴᠢᠭᠤᠯᠣᠭᠴᠢ  ᠄ ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2