ᠡᠪᠯᠡᠯ ᠤᠨ ᠰᠢᠶᠠᠨ ᠤ ᠬᠤᠷᠢᠶ᠎ᠠ ᠱᠠᠩᠳᠤ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠱᠠᠩᠳᠤ ᠰᠢᠶᠠᠨ ᠤ ᠲᠦᠩ ᠰᠢᠨ ᠨᠡᠶᠢᠭᠡᠮ ᠤᠨ ᠠᠵᠢᠯ ᠤᠨ ᠦᠶ᠋ᠯᠡᠴᠢᠯᠡᠭᠡᠨ ᠤ ᠲᠥᠪ ᠲᠠᠢ ᠬᠠᠮᠲᠤᠷᠠᠨ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/3
 4 ᠰᠠᠷ᠎ᠠ ᠶᠢᠨ 2 ᠤᠨ ᠡᠳᠦᠷ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠱᠠᠩᠳᠤ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠱᠠᠩᠳᠤ ᠰᠢᠶᠠᠨ ᠤ ᠲᠦᠩ ᠰᠢᠨ ᠨᠡᠶᠢᠭᠡᠮ ᠤᠨ ᠠᠵᠢᠯ ᠤᠨ ᠦᠶ᠋ᠯᠡᠴᠢᠯᠡᠭᠡᠨ ᠤ ᠲᠥᠪ ᠲᠠᠢ ᠬᠠᠮᠲᠤᠷᠠᠨ ︽ᠪᠥᠬᠦ ᠠᠷᠠᠳ ᠤᠨ ᠶᠡᠷᠦᠩᠬᠡᠶ ᠳᠠᠶᠢᠴᠢᠯᠠᠯᠲᠠ ᠶᠢᠨ ᠭᠠᠯ ᠰᠡᠷᠭᠡᠶᠢᠯᠡᠵᠦ ᠠᠮᠤᠷ ᠲᠦᠪᠰᠢᠨ ᠢ ᠪᠠᠲᠤᠯᠠᠬᠤ︾ ᠪᠠᠷ ᠭᠤᠤᠯ ᠰᠡᠳᠦᠪ ᠪᠣᠯᠭᠠᠭᠰᠠᠨ ᠪᠠᠶᠢᠪᠠᠯ᠂ ᠬᠠᠩᠰᠢ ᠶᠢᠨ ᠡᠳᠦᠷ ᠤᠨ ᠪᠣᠯᠪᠠᠰᠤᠨ ᠢᠶᠠᠷ ᠲᠠᠬᠢᠯᠭ᠎ᠠ ᠬᠢᠬᠦ᠂ ᠠᠮᠤᠷ ᠲᠦᠪᠰᠢᠨ ᠢᠶᠠᠷ ᠭᠠᠯ ᠬᠡᠷᠡᠭᠯᠡᠬᠦ ᠶᠢ ᠰᠠᠨᠠᠭᠠᠴᠢᠯᠠᠬᠤ ᠪᠠᠷ ᠭᠠᠷᠳᠠᠬᠤ ᠴᠡᠭ ᠪᠣᠯᠭᠠᠭᠰᠠᠨ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠮᠠᠲ᠋ᠧᠷᠢᠶᠠᠯ ᠪᠠ ᠤᠬᠠᠭᠤᠯᠭ᠎ᠠ ᠶᠢᠨ ᠤᠭᠤᠲᠠ᠂ ᠤᠬᠠᠭᠤᠯᠭ᠎ᠠ ᠶᠢᠨ ᠲᠡᠷᠭᠡ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠳᠤ ᠪᠠᠶᠢᠩᠭᠤ ᠲᠣᠬᠢᠶᠠᠯᠳᠤᠳᠠᠭ ᠭᠠᠯ ᠤᠨ ᠭᠠᠮᠰᠢᠭ ᠤᠨ ᠳᠠᠯᠳᠠ ᠬᠡᠮ ᠪᠠ ᠣᠶ ᠰᠢᠭᠤᠶ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠤ ᠢᠳᠡᠪᠬᠢᠲᠡᠶ ᠳᠡᠮᠵᠢᠬᠦ ᠪᠠ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠪᠥᠬᠦ ᠠᠷᠠᠳ ᠤᠨ ᠭᠠᠯ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
   ᠣᠷᠴᠢᠭᠤᠯᠣᠭᠴᠢ᠄  ᠬᠠᠨᠠᠭᠠᠷᠬᠢᠨᠠᠭᠴᠢ  ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2