ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠣᠯᠠᠨ ᠰᠠᠯᠠᠭ᠎ᠠ ᠮᠥᠴᠢᠷ ᠲᠠᠢ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠨᠡᠶᠢᠭᠡᠮ ᠲᠣᠭᠤᠷᠢᠭ ᠲᠤ ᠣᠷᠣᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/3
 4 ᠰᠠᠷ᠎ᠠ ᠶᠢᠨ 2 ᠤᠨ ᠡᠳᠦᠷ᠂ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠴᠢ ᠲᠠᠢ ᠪᠠᠯᠭᠠᠰᠤᠨ ᠤ ᠠᠮᠤᠷ ᠲᠦᠪᠰᠢᠨ ᠤ ᠠᠯᠪᠠᠨ ᠬᠡᠷ᠂ ᠬᠠᠤᠯᠢ ᠴᠠᠭᠠᠵᠠ ᠶᠢᠨ ᠭᠠᠵᠠᠷ᠂ ᠰᠢ ᠶᠤᠸᠠᠨ ᠨᠡᠶᠢᠭᠡᠮ ᠲᠣᠭᠤᠷᠢᠭ ᠲᠠᠢ ᠬᠠᠮᠲᠤᠷᠠᠨ ᠴᠢ ᠲᠠᠢ ᠪᠠᠯᠭᠠᠰᠤᠨ ᠤ ᠰᠢ ᠶᠤᠸᠠᠨ ᠨᠡᠶᠢᠭᠡᠮ ᠲᠣᠭᠤᠷᠢᠭ ᠤᠨ ᠶᠠᠩ ᠵᠢᠶᠠ ᠳ᠋ᠢ ᠰᠠᠭᠤᠭᠠᠯᠢ ᠲᠣᠭᠤᠷᠢᠭ ᠲᠤ ᠬᠦᠷᠴᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠶᠢᠨ ᠲᠦᠮᠡᠨ ᠭᠠᠵᠠᠷ ᠤᠨ ᠠᠶᠠᠯᠠᠯ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠣᠨᠴᠠᠭᠠᠶᠢᠯᠠᠨ ᠡᠷᠭᠢᠯᠡᠪᠡ᠃
   ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ ᠠᠷᠭ᠎ᠠ ᠪᠣᠳᠣᠯᠭ᠎ᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠨᠡᠶᠢᠭᠡᠮ ᠲᠣᠭᠤᠷᠢᠭ᠂ ᠭᠡᠷ ᠲᠤᠨᠢ ᠣᠷᠣᠭᠤᠯᠬᠤ ᠶᠢ ᠲᠡᠷᠡ ᠬᠡᠪ ᠢᠶᠠᠷ ᠨᠢ ᠠᠬᠢᠭᠤᠯᠵᠤ᠂ ᠤᠯᠠᠨ ᠲᠦᠮᠡᠨ ᠲᠠᠢ ᠣᠶᠢᠷᠠᠲᠤᠵᠤ᠂ ᠤᠯᠠᠨ ᠲᠦᠮᠡᠨ ᠳᠤ ᠦᠢᠯᠡᠴᠢᠯᠡᠬᠦ ᠥᠴᠦᠬᠡᠨ ᠴᠦ ᠵᠠᠢ ᠦᠭᠡᠢ ᠪᠠᠶᠢᠵᠤ᠂ ᠬᠥᠮᠦᠰ ᠤᠨ ᠬᠦᠷᠢᠶᠡᠯᠡᠯ ᠢ ᠣᠯᠵᠤ᠂ ᠤᠶᠤᠨ ᠲᠠᠷᠢᠬᠢᠨ ᠳᠤᠨᠢ ᠬᠠᠳᠠᠩᠰᠢᠭᠤᠯᠵᠤ ᠰᠠᠭᠤᠭᠠᠯᠢ ᠠᠷᠠᠳ ᠤᠨ ᠨᠡᠶᠢᠳᠡᠮ ᠤᠨ ᠬᠦᠷᠢᠶᠡᠯᠡᠯ ᠢ ᠤᠯᠪᠠ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠶᠢᠨ ᠤᠩᠰᠢᠬᠤ ᠪᠢᠴᠢᠭ︾᠂ ︽ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠭᠠᠷ ᠳᠡᠪᠲᠡᠷ︾᠂ ︽ᠭᠠᠵᠢᠭᠤ ᠨᠣᠮᠯᠠᠯ ᠢ ᠰᠡᠷᠭᠡᠶᠢᠯᠡᠬᠦ︾ ᠤᠬᠠᠭᠤᠯᠭ᠎ᠠ ᠶᠢᠨ ᠬᠠᠭᠤᠳᠠᠰᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠢ ᠬᠤᠪᠢ ᠲᠠᠷᠬᠠᠭᠠᠭᠰᠠᠨ ᠤ ᠬᠠᠮᠲᠤ ᠬᠤᠯᠪᠣᠭᠳᠠᠯ ᠪᠦᠬᠦᠢ ᠮᠡᠳᠡᠯᠭᠡ ᠶᠢᠨ ᠴᠡᠭ ᠢ ᠲᠤᠬᠠᠢ ᠶᠢᠨ ᠲᠠᠯᠠᠪᠠᠢ ᠳᠤ ᠰᠠᠭᠤᠭᠠᠯᠢ ᠠᠷᠠᠳ ᠲᠤ ᠶᠠᠷᠢᠵᠤ ᠥᠭᠪᠡ᠃    ᠡᠭᠦᠨ ᠢᠶᠠᠷ ᠳᠠᠮᠵᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠭᠤᠯᠤᠭᠳᠠᠬᠤᠨ ᠢ ᠤᠯᠠᠮ ᠨᠢᠭᠡ ᠠᠯᠬᠤᠮ ᠭᠦᠨᠵᠡᠭᠡᠶ ᠲᠠᠨᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠠᠮᠤᠭ ᠤᠨ ᠭᠤᠶᠤ ᠦᠯᠢᠭᠡᠷ ᠢ ᠰᠠᠶᠢᠲᠤᠷ ᠶᠠᠷᠢᠭᠤᠯᠤᠨ᠎ᠠ᠃    ᠣᠷᠴᠢᠭᠤᠯᠣᠭᠴᠢ᠄  ᠬᠠᠨᠠᠭᠠᠷᠬᠢᠨᠠᠭᠴᠢ  ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2