ᠱᠠᠩᠳᠤ ᠰᠢᠶᠠᠨ᠄ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠨᠡᠪᠴᠢᠭᠦᠯᠦᠨ᠎ᠡ
ᠨᠡᠶᠢᠲᠡᠯᠡᠭᠰᠡᠨ ᠴᠠᠭ᠄
2024/4/8
   ᠱᠠᠩᠳᠤ ᠰᠢᠶᠠᠨ ᠤ ᠬᠢᠨ ᠰᠤᠷᠭᠠᠭᠤᠯᠢ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢ ᠬᠢᠴᠢᠶᠡᠯ ᠤᠨ ᠲᠠᠩᠬᠢᠮ ᠤᠨ ᠬᠥᠮᠦᠵᠢᠯ᠂ ᠰᠤᠷᠭᠠᠭᠤᠯᠢ ᠶᠢᠨ ᠬᠦᠷᠢᠶᠡᠨ ᠤ ᠦᠢᠯᠡᠳᠦᠯᠭᠡ ᠶᠢᠨ ᠠᠵᠢᠯᠯᠠᠭ᠎ᠠ ᠶᠢᠨ ᠡᠯ᠎ᠡ ᠭᠤᠭᠴᠤᠭ᠎ᠠ ᠳᠤ ᠠᠭᠤᠰᠬᠠᠬᠤ ᠪᠠᠷ ᠴᠢᠷᠮᠠᠶᠢᠵᠤ᠂ ᠰᠤᠷᠤᠭᠴᠢᠳ ᠤᠨ ᠮᠡᠳᠡᠯᠭᠡ ᠦᠢᠯᠡ ᠠᠵᠢᠯᠯᠠᠭ᠎ᠠ ᠶᠢᠨ ᠨᠢᠭᠡᠳᠦᠯ ᠢ ᠴᠢᠬᠤᠯᠠᠴᠢᠯᠠᠵᠤ᠂ ᠰᠤᠷᠤᠭᠴᠢᠳ ᠤᠨ ᠬᠠᠶᠢᠷ᠎ᠠ ᠰᠡᠳᠬᠢᠯᠭᠡ ᠶᠢᠨ ᠬᠥᠮᠦᠵᠢᠯ ᠪᠣᠯᠤᠨ ᠦᠢᠯᠡ ᠠᠵᠢᠯᠯᠠᠭ᠎ᠠ ᠶᠢᠨ ᠳᠠᠳᠬᠠᠯ ᠤᠨ ᠬᠥᠮᠦᠵᠢᠯ ᠢ ᠴᠢᠩᠭᠠᠳᠬᠠᠵᠤ᠂ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠨᠡᠪᠴᠢᠭᠦᠯᠦᠨ ᠪᠤᠶᠢᠵᠢᠭᠤᠯᠵᠠᠢ᠃
   ᠤᠢᠢᠷ᠎ᠠ ᠶᠢᠨ ᠵᠢᠯ ᠠᠴᠠ᠂ ᠱᠠᠩᠳᠤ ᠰᠢᠶᠠᠨ ᠤ ᠢᠦᠢ ᠮᠢᠶᠣᠣ ᠪᠠᠭ᠎ᠠ ᠰᠤᠷᠭᠠᠭᠤᠯᠢ ᠨᠢ ᠰᠤᠷᠭᠠᠭᠤᠯᠢ ᠡᠷᠬᠢᠯᠡᠬᠦ ᠪᠣᠳᠠᠲᠤ ᠪᠠᠶᠢᠳᠠᠯ ᠤᠨ ᠲᠣᠭᠤᠷᠢᠨ ᠳᠤ᠂ ᠬᠥᠮᠦᠨ ᠢ ᠬᠥᠮᠦᠵᠢᠭᠦᠯᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠪᠢᠴᠢᠭ ᠢ ᠰᠢᠲᠦᠵᠦ ᠨᠣᠮ ᠪᠢᠴᠢᠭ ᠢ ᠬᠠᠶᠢᠷᠠᠯᠠᠬᠤ ᠬᠡᠪ ᠰᠤᠷᠲᠠᠯ ᠢ ᠪᠠᠳᠠᠷᠠᠭᠤᠯᠵᠤ᠂ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠴᠢᠬᠤᠯᠠᠴᠢᠯᠠᠵᠤ᠂ ᠪᠠᠭᠰᠢ ᠰᠤᠷᠤᠭᠴᠢᠳ ᠤᠨ ᠣᠷᠣᠯᠴᠠᠬᠤ ᠤᠷᠮ᠎ᠠ ᠵᠣᠷᠢᠭ ᠢ ᠳᠡᠭᠡᠭᠰᠢᠯᠡᠭᠦᠯᠵᠦ᠂ ᠵᠥᠭᠡᠯᠡᠨ ᠪᠢᠷ ᠤᠨ ᠤᠷᠠᠨ ᠪᠢᠴᠢᠯᠭᠡ᠂ ᠤᠯᠠᠮᠵᠢᠯᠠᠯᠲᠤ ᠶᠣᠰᠣᠯᠠᠯ᠂ ᠴᠠᠭᠠᠰᠤᠨ ᠬᠠᠶᠢᠴᠢᠯᠠᠮᠠᠯ ᠤᠨ ᠵᠢᠷᠤᠭ ᠵᠡᠷᠭᠡ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠲᠠᠢ ᠭᠦᠨᠵᠡᠭᠡᠢ ᠤᠶᠠᠯᠳᠤᠭᠤᠯᠵᠤ᠂ ᠪᠣᠳᠠᠲᠠᠢ ᠶᠢ ᠴᠢᠬᠤᠯᠠᠴᠢᠯᠠᠵᠤ᠂ ᠥᠪᠡᠷᠮᠢᠴᠡ ᠣᠨᠴᠠᠯᠢᠭ ᠲᠠᠢ ᠪᠠᠶᠢᠵᠤ᠂ ᠭᠡᠷ ᠤᠨ ᠠᠬᠠᠮᠠᠳ ᠪᠣᠯᠤᠨ ᠰᠤᠷᠤᠭᠴᠢᠳ ᠤᠨ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠠ᠃ ᠰᠤᠷᠭᠠᠭᠤᠯᠢ ᠶᠢᠨ ᠵᠠᠬᠢᠷᠤᠯ ᠤᠨ ᠬᠢᠴᠢᠶᠡᠯ ᠤᠨ ᠲᠠᠩᠬᠢᠮ ᠳᠤ ᠳᠤᠮᠳᠠᠳᠤ ᠶᠢᠨ ᠶᠣᠰᠣᠯᠠᠯ ᠢ ᠵᠢᠷᠤᠭ ᠪᠢᠴᠢᠭ ᠢ ᠬᠤᠣᠰᠯᠠᠭᠤᠯᠤᠨ ᠢᠯᠡᠷᠡᠭᠦᠯᠵᠦ᠂ ᠡᠷᠲᠡᠨ ᠤ ᠦᠶ᠎ᠡ ᠶᠢᠨ ᠰᠠᠭᠤᠬᠤ᠂ ᠵᠣᠭᠰᠣᠬᠤ᠂ ᠶᠠᠪᠤᠬᠤ ᠵᠡᠷᠭᠡ ᠬᠡᠯᠪᠡᠷᠢ ᠶᠢᠨ ᠲᠤᠬᠠᠶ ᠲᠠᠨᠢᠯᠲᠠ ᠪᠠᠷ ᠳᠠᠮᠵᠢᠭᠤᠯᠤᠨ᠂ ᠰᠢᠯᠢᠳᠡᠭ ᠤᠯᠠᠮᠵᠢᠯᠠᠯᠲᠤ ᠰᠣᠶᠣᠯ ᠤᠨ ᠠᠭᠤᠯᠬᠤᠨ ᠢ ᠤᠯᠠᠮ ᠨᠢᠭᠡ ᠠᠯᠬᠤᠮ ᠠᠭᠤᠳᠠᠯᠵᠤ᠂ ᠳᠤᠮᠳᠠᠳᠤ ᠤᠯᠤᠰ ᠤᠨ ᠶᠣᠰᠣᠯᠠᠯ ᠤᠨ ᠤᠯᠤᠰ ᠤᠨ ᠲᠤᠬᠠᠶ ᠰᠤᠷᠤᠭᠴᠢᠳ ᠤᠨ ᠲᠠᠨᠢᠯᠲᠠ ᠶᠢ ᠭᠦᠨᠵᠡᠭᠡᠶᠢᠷᠡᠭᠦᠯᠵᠡᠶ᠃
   ᠱᠠᠩᠳᠤ ᠰᠢᠶᠠᠨ ᠤ ᠢᠦᠢ ᠮᠢᠶᠣᠣ ᠪᠠᠭ᠎ᠠ ᠰᠤᠷᠭᠠᠭᠤᠯᠢ ᠶᠢᠨ ᠰᠤᠷᠤᠭᠴᠢ ᠲᠢᠶᠠᠨ ᠢᠦᠢ ᠬᠤᠸᠠᠨ ᠬᠡᠯᠡᠬᠦ ᠳᠡᠭᠡᠨ᠄ ︽ᠡᠨᠡ ᠤᠳᠠᠭ᠎ᠠ ᠶᠢᠨ ᠲᠠᠶᠢᠯᠤᠮᠵᠢ ᠪᠠᠷ ᠳᠠᠮᠵᠢᠨ ᠮᠢᠨᠦ ᠣᠶᠢᠯᠠᠭᠠᠮᠵᠢᠲᠠᠢ ᠳᠦᠷᠢ ᠲᠥᠷᠬᠦ ᠪᠢᠳᠡᠨ ᠤ ᠴᠤᠭ ᠵᠢᠪᠬᠤᠭ᠎ᠠ ᠶᠢ ᠪᠠᠳᠠᠷᠠᠭᠤᠯᠵᠤ᠂ ᠠᠶᠠᠨᠳᠠᠭᠠᠨ ᠪᠢᠳᠡᠨ ᠤ ᠰᠤᠷᠤᠭᠴᠢ ᠪᠣᠯᠤᠭᠰᠠᠨ ᠤ ᠬᠤᠪᠢ ᠳᠠᠬᠢ ᠬᠡᠪ ᠪᠣᠯᠪᠠᠰᠤᠷᠠᠯ ᠢ   ᠢᠯᠡᠷᠡᠭᠦᠯᠵᠦ ᠪᠠᠶᠢᠨ᠎ᠠ᠂ ᠡᠶᠢᠮᠦ ᠠᠴᠠ ᠪᠢᠳᠡ ᠴᠠᠭ ᠢᠮᠠᠭᠲᠠ ᠥᠪᠡᠷ ᠢ ᠪᠠᠨ ᠪᠣᠯᠪᠠᠰᠤᠨ ᠶᠣᠰᠣ ᠵᠢᠷᠤᠮ ᠢ ᠵᠢᠷᠤᠮᠯᠠᠵᠤ᠂ ᠠᠴᠢ ᠬᠠᠷᠢᠭᠤᠯᠠᠬᠤ ᠰᠡᠳᠬᠢᠯᠭᠡ ᠶᠢ ᠡᠪᠦᠷᠯᠡᠵᠦ᠂ ᠤᠳᠤ ᠦᠶ᠎ᠡ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠶᠢ ᠱᠠᠭᠠᠷᠳᠠᠪᠠᠯ ᠵᠣᠬᠢᠨ᠎ᠠ︾ ᠭᠡᠪᠡ᠃    ᠤᠯᠠᠮᠵᠢᠯᠠᠯᠲᠤ ᠰᠣᠶᠣᠯ ᠤᠨ ᠰᠢᠮᠡᠳᠦᠯ ᠨᠢ ᠤᠳᠠᠭᠠᠨ ᠡᠳᠦᠷ ᠵᠤᠵᠠᠭᠠᠨ ᠬᠤᠨᠤᠭ ᠤᠨ ᠶᠠᠪᠤᠴᠠ ᠳᠤ ᠪᠣᠢ ᠪᠣᠯᠳᠠᠭ᠃ ᠱᠠᠩᠳᠤ ᠰᠢᠶᠠᠨ ᠤ ᠤᠯᠠᠮᠵᠢᠯᠠᠯᠲᠤ ᠰᠣᠶᠣᠯ ᠤᠨ ᠬᠥᠮᠦᠵᠢᠯ ᠤᠨ ᠶᠠᠪᠤᠴᠠ ᠨᠢ ᠬᠠᠨᠳᠤᠯᠭᠠᠲᠤ ᠴᠢᠨᠠᠷ ᠲᠠᠢ ᠮᠥᠷᠲᠡᠭᠡᠨ ᠰᠣᠨᠢᠷᠬᠠᠯᠲᠤ ᠴᠢᠨᠠᠷ ᠲᠠᠢ ᠪᠠᠶᠢᠳᠠᠭ᠂ ᠱᠠᠩᠳᠤ ᠰᠢᠶᠠᠨ ᠤ ᠲᠠᠪᠤᠳᠤᠭᠠᠷ ᠬᠡᠤᠬᠡᠳ ᠤᠨ ᠴᠡᠴᠡᠷᠯᠢᠭ ᠲᠤ᠂ ᠳᠤᠮᠳᠠᠳᠤ ᠠᠩᠭᠢ ᠶᠢᠨ ᠰᠤᠷᠤᠭᠴᠢᠳ ᠶᠠᠭ ᠪᠠᠭᠰᠢ ᠲᠠᠢ ᠪᠠᠨ ᠬᠠᠮᠲᠤ ᠡᠷᠲᠡᠨ ᠤ ᠰᠢᠯᠦᠭ ᠤᠨ ᠭᠠᠷ ᠤᠨ ᠳᠣᠬᠢᠶᠠᠨ ᠤ ᠪᠥᠵᠢᠭ ᠪᠥᠵᠢᠭᠯᠡᠵᠦ᠂ ᠢᠯᠭᠤᠮ ᠲᠣᠳᠣ ᠠᠶᠢᠵᠠᠮ ᠪᠠ ᠲᠥᠬᠦᠮ ᠬᠥᠳᠡᠯᠦᠯ ᠢᠶᠠᠷ ᠳᠠᠮᠵᠢᠭᠤᠯᠤᠨ᠂ ᠪᠥᠵᠢᠭᠯᠡᠨ ᠳᠠᠭᠤᠯᠠᠬᠤ ᠶᠠᠪᠤᠴᠠ ᠳᠠᠭᠠᠨ ᠡᠷᠲᠡᠨ ᠤ ᠰᠢᠯᠦᠭ ᠤᠨ ᠠᠭᠤᠯᠭ᠎ᠠ ᠶᠢ ᠴᠡᠭᠡᠵᠢᠯᠡᠨ ᠣᠶᠢᠯᠠᠭᠠᠵᠤ᠂ ᠡᠷᠲᠡᠨ ᠤ ᠰᠢᠯᠦᠭ ᠲᠤ ᠬᠠᠶᠢᠷᠠᠲᠠᠶ ᠰᠡᠳᠬᠢᠯᠭᠡ ᠶᠢ ᠨᠢ ᠦᠨᠳᠦᠰᠦᠯᠡᠭᠦᠯᠵᠦ ᠪᠠᠶᠢᠳᠠᠭ᠃ ᠡᠭᠦᠨ ᠤ ᠵᠡᠷᠭᠡ ᠳᠤ ᠱᠠᠩᠳᠤ ᠰᠢᠶᠠᠨ ᠤ ᠲᠠᠪᠤᠳᠤᠭᠠᠷ ᠬᠡᠦᠬᠡᠳ ᠤᠨ ᠴᠡᠴᠡᠷᠯᠢᠭ ᠨᠢ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠶ ᠬᠠᠶᠢᠨ ᠰᠦᠪᠡᠭᠴᠢᠯᠡᠵᠦ᠂ ᠰᠤᠷᠤᠭᠴᠢᠳ ᠤᠨ ᠤᠯᠠᠮᠵᠢᠯᠠᠯᠲᠤ ᠰᠣᠶᠣᠯ ᠤᠨ ᠬᠥᠮᠦᠵᠢᠯ ᠢ ᠴᠢᠩᠭᠠᠳᠬᠠᠬᠤ ᠪᠠᠷ ᠳᠠᠮᠵᠢᠭᠤᠯᠤᠨ᠂ ᠰᠤᠷᠤᠭᠴᠢᠳ ᠤᠨ ᠡᠬᠡ ᠣᠷᠣᠨ ᠪᠠ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠷ ᠬᠡᠦᠬᠡᠳ ᠤᠨ ᠦᠰᠦᠨ ᠪᠤᠶᠢᠵᠢᠬᠤ ᠵᠠᠮ ᠢ ᠨᠡᠪᠴᠢᠭᠦᠯᠦᠨ᠂ ᠰᠣᠶᠣᠯ ᠤᠨ ᠭᠦ᠋ᠨ ᠢ ᠤᠯᠠᠮᠵᠢᠯᠠᠳᠠᠭ᠃    ᠱᠠᠩᠳᠤ ᠰᠢᠶᠠᠨ ᠤ ᠲᠠᠪᠤᠳᠤᠭᠠᠷ ᠬᠡᠦᠬᠡᠳ ᠤᠨ ᠴᠡᠴᠡᠷᠯᠢᠭ ᠤᠨ ᠪᠠᠭᠰᠢ ᠮᠤᠤ ᠵᠢᠶᠠ ᠮᠢᠶᠣᠣ᠄ ︽ᠮᠠᠨ ᠤ ᠤᠯᠤᠰ ᠤᠨ ᠤᠯᠠᠮᠵᠢᠯᠠᠯᠲᠤ ᠰᠣᠶᠣᠯ ᠳᠤ ᠮᠠᠰᠢ ᠤᠯᠠᠨ ᠰᠣᠩᠭᠤᠳᠠᠭ ᠵᠣᠬᠢᠶᠠᠯ ᠠᠭᠤᠯᠤᠭᠳᠠᠵᠤ ᠪᠤᠢ᠂ ᠵᠢᠱᠢᠶᠡᠯᠡᠪᠡᠯ ᠰᠡᠬᠡᠭᠡᠷᠡᠭᠦᠯᠬᠦ ᠰᠤᠳᠤᠯᠤᠯ ᠤᠨ ᠰᠣᠩᠭᠤᠳᠠᠭ ᠵᠣᠬᠢᠶᠠᠯ᠂ ᠡᠷᠲᠡᠨ ᠤ ᠰᠢᠯᠦᠭ ᠳᠠᠭᠤᠯᠠᠯ᠂ ᠠᠷᠠᠳ ᠤᠨ ᠲᠣᠭᠯᠠᠭᠠᠮ ᠵᠡᠷᠭᠡ ᠪᠤᠢ᠂ ᠡᠳᠡᠭᠡᠷ ᠠᠭᠤᠯᠭ᠎ᠠ ᠨᠢ ᠮᠠᠨ ᠤ ᠡᠩ ᠤᠨ ᠦᠶ᠎ᠡ ᠶᠢᠨ ᠵᠢᠭᠠᠨ ᠰᠤᠷᠭᠠᠯᠲᠠ ᠶᠢᠨ ᠠᠭᠤᠯᠭ᠎ᠠ ᠲᠠᠢ ᠮᠠᠰᠢ ᠨᠡᠶᠢᠴᠡᠨ᠎ᠡ᠃ ᠪᠢ ᠬᠡᠦᠬᠡᠳ ᠤᠨ ᠴᠡᠴᠡᠷᠯᠢᠭ ᠤᠨ ᠪᠠᠭᠰᠢ ᠪᠣᠯᠤᠭᠰᠠᠨ ᠤ ᠬᠤᠪᠢ ᠳᠤ ᠡᠩ ᠤᠨ ᠦᠶ᠎ᠡ ᠶᠢᠨ ᠵᠢᠭᠠᠨ ᠰᠤᠷᠭᠠᠯᠲᠠ ᠳᠤ ᠤᠯᠠᠮᠵᠢᠯᠠᠯᠲᠤ ᠰᠣᠶᠣᠯ ᠢ ᠠᠭᠤᠰᠬᠠᠨ ᠣᠷᠣᠭᠤᠯᠵᠤ᠂ ᠬᠡᠦᠬᠡᠳ ᠤᠨ ᠤᠯᠠᠮᠵᠢᠯᠠᠯᠲᠤ ᠰᠣᠶᠣᠯ ᠤᠨ ᠲᠤᠬᠠᠶ ᠵᠥᠪ ᠲᠠᠨᠢᠯᠲᠠ ᠶᠢ ᠠᠬᠢᠭᠤᠯᠵᠤ᠂ ᠬᠡᠦᠬᠡᠳ ᠤᠨ ᠤᠯᠠᠮᠵᠢᠯᠠᠯᠲᠤ ᠰᠣᠶᠣᠯ ᠤᠨ ᠨᠥᠯᠥᠭᠡᠯᠡᠯ ᠳᠣᠣᠷ᠎ᠠ ᠡᠷᠡᠭᠦᠯ ᠥᠷᠲᠡᠭ ᠤᠨ ᠦᠵᠡᠯᠲᠡ ᠶᠢ ᠪᠤᠶ ᠪᠣᠯᠭᠠᠵᠤ᠂ ᠶᠣᠰᠣ ᠮᠣᠷᠠᠯ ᠤᠨ ᠬᠡᠪ ᠪᠣᠯᠪᠠᠰᠤᠷᠠᠯ ᠤᠨ ᠬᠥᠭᠵᠢᠯᠲᠡ ᠳᠤ ᠰᠠᠶᠢᠨ ᠰᠠᠭᠤᠷᠢ ᠲᠠᠯᠪᠢᠵᠤ ᠥᠭᠬᠦ ᠳᠤ ᠲᠤᠰᠠᠲᠠᠶ ᠶᠤᠮ ᠭᠡᠵᠡᠶ᠃        ᠣᠷᠴᠢᠭᠤᠯᠣᠭᠴᠢ᠄  ᠬᠠᠨᠠᠭᠠᠷᠬᠢᠨᠠᠭᠴᠢ  ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2