ᠱᠠᠩᠳᠤ ᠰᠢᠶᠠᠨ᠄ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠴᠡᠪᠡᠷᠰᠢᠭᠦᠯᠦᠨ᠎ᠡ
ᠨᠡᠶᠢᠲᠡᠯᠡᠭᠰᠡᠨ ᠴᠠᠭ᠄
2024/4/8
  ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠰᠠᠶᠢᠨ ᠮᠠᠭᠤ ᠨᠢ ᠲᠠᠷᠢᠶᠠᠴᠢᠳ ᠤᠨ ᠨᠢᠭᠡ ᠵᠢᠯ ᠤᠨ ᠬᠤᠷᠢᠶᠠᠯᠲᠠ ᠲᠠᠢ ᠰᠢᠭᠤᠳ ᠬᠤᠯᠪᠣᠭᠳᠠᠵᠤ᠂ ᠨᠡᠩ ᠴᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠠ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠲᠠᠢ ᠬᠤᠯᠪᠣᠭᠳᠠᠵᠤ ᠪᠠᠶᠢᠳᠠᠭ᠃ ᠱᠠᠩᠳᠤ ᠰᠢᠶᠠᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠬᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠲᠤᠰᠬᠠᠢ ᠪᠠᠶᠢᠴᠠᠭᠠᠯᠲᠠ ᠬᠢᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃
   ᠣᠶᠢᠷ᠎ᠠ ᠶᠢᠨ ᠡᠳᠦᠷ ᠲᠤ᠂ ᠱᠠᠩᠳᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠥᠬᠦ ᠰᠢᠶᠠᠨ ᠤ ᠬᠤᠲᠠ ᠲᠣᠭᠤᠷᠢᠭ ᠪᠠ ᠰᠢᠶᠠᠩ ᠪᠠᠯᠭᠠᠰᠤᠨ ᠤ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠲᠠᠯᠠᠪᠤᠷ ᠲᠤ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠴᠦ ᠬᠠᠪᠤᠷ ᠤᠨ ᠲᠠᠷᠢᠶᠠᠯᠠᠭ᠎ᠠ ᠶᠢ ᠬᠠᠮᠠᠭᠠᠯᠠᠬᠤ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠴᠡᠪᠡᠷᠰᠢᠭᠦᠯᠵᠦ ᠂ ᠬᠠᠪᠤᠷ ᠤᠨ ᠲᠠᠷᠢᠶᠠᠯᠠᠭ᠎ᠠ ᠶᠢ ᠬᠠᠮᠠᠭᠠᠯᠠᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠢᠵᠦ ᠪᠠᠶᠢᠨ᠎ᠠ᠃
   ᠱᠠᠩᠳᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠡᠳ᠋ ᠳᠠᠷᠤᠭ᠎ᠠ ᠢᠦᠶ ᠸᠠᠨ ᠵᠥᠩ ᠬᠡᠯᠡᠬᠦ ᠳᠡᠭᠡᠨ᠄ ︽ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠬᠢᠯᠡᠭᠰᠡᠨ ᠤ ᠳᠠᠷᠠᠭ᠎ᠠ᠂ ᠮᠠᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠥᠬᠦ ᠰᠢᠶᠠᠨ ᠤ ᠪᠣᠶ ᠪᠥᠬᠦᠶ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠲᠤ ᠲᠣᠤᠷ ᠲᠠᠲᠠᠬᠤ ᠬᠡᠯᠪᠡᠷᠢ ᠶᠢᠨ ᠪᠠᠶᠢᠴᠠᠭᠠᠯᠲᠠ ᠬᠢᠪᠠ᠃ ᠪᠠᠷᠠᠭ᠎ᠠ ᠣᠷᠣᠭᠤᠯᠬᠤ ᠠᠷᠭ᠎ᠠ ᠵᠠᠮ ᠨᠢ ᠵᠢᠩᠬᠢᠨᠢ ᠪᠠᠶᠢᠬᠤ ᠡᠰᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠨᠢ ᠤᠯᠠᠨ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠰᠡᠨ ᠡᠰᠡᠬᠦ ᠶᠢ ᠪᠠᠶᠢᠴᠠᠭᠠᠨ ᠦᠵᠡᠵᠦ᠂ ᠦᠷ᠎ᠡ ᠶᠢ ᠳᠠᠩᠰᠠᠯᠠᠭᠤᠯᠤᠭᠰᠠᠨ ᠡᠰᠡᠬᠦ ᠶᠢ ᠪᠠᠶᠢᠴᠠᠭᠠᠬᠤ ᠶᠢᠨ ᠬᠠᠮᠲᠤ ᠲᠠᠷᠢᠶᠠᠨ ᠡᠮ ᠢ ᠲᠠᠩᠰᠠᠯᠠᠨ ᠬᠠᠮᠢᠶᠠᠷᠤᠨ᠎ᠠ︾ ᠭᠡᠪᠡ᠃    ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠨᠢ ᠲᠠᠷᠢᠶᠠᠨ ᠡᠮ᠂ ᠦᠷ᠎ᠡ᠂ ᠬᠢᠮᠢ ᠶᠢᠨ ᠪᠣᠷᠲᠣᠭᠤᠷ᠂ ᠰᠦᠯᠢᠶᠣᠣ ᠪᠦᠷᠬᠦᠪᠴᠢ ᠵᠡᠷᠭᠡ ᠪᠠᠷ ᠭᠤᠤᠯᠳᠠᠯᠭ᠎ᠠ ᠪᠣᠯᠭᠠᠵᠠᠶ᠃ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠤᠨ ᠡᠵᠡᠩᠨᠡᠯᠲᠡ ᠶᠢᠨ ᠬᠢᠷᠢ ᠬᠡᠮ᠂ ᠣᠷᠣᠭᠤᠯᠵᠤ ᠪᠣᠷᠣᠯᠠᠭᠤᠯᠬᠤ ᠪᠠᠷᠠᠭᠠᠨ ᠤ ᠡᠬᠡ ᠲᠠᠩᠰᠠ᠂ ᠪᠣᠭᠤᠳᠠᠯ ᠤᠨ ᠱᠣᠰᠢᠭ᠎ᠠ ᠵᠡᠷᠭᠡ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠬᠦ ᠪᠠᠷ ᠪᠠᠷᠠᠬᠤ ᠥᠬᠡᠶ ᠪᠠᠰᠠ ᠡᠵᠡᠩᠨᠡᠯᠲᠡ ᠶᠢᠨ ᠡᠷᠦᠬᠡ ᠳᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠡᠵᠡᠩᠨᠡᠯᠲᠡ ᠶᠢᠨ ᠡᠷᠦᠬᠡ ᠶᠢᠨ ᠬᠠᠤᠯᠢ ᠶᠢ ᠰᠠᠬᠢᠵᠤ ᠡᠵᠡᠩᠨᠡᠬᠦ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠪᠠ᠃    ᠱᠠᠩᠳᠤ ᠰᠢᠶᠠᠨ ᠤ ᠱᠢ ᠪᠠ ᠴᠢᠩ ᠪᠠᠯᠭᠠᠰᠤᠨ ᠤ ᠯᠢᠦ ᠪᠢᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠤᠨ ᠬᠠᠷᠢᠭᠤᠴᠠᠯᠭᠠᠲᠠᠨ ᠯᠢᠦ ᠪᠢᠨ᠄ ︽ᠡᠨᠡ ᠬᠤᠶᠠᠷ ᠡᠳᠦᠷ ᠮᠠᠨ ᠤ ᠳᠡᠯᠭᠡᠭᠦᠷ ᠲᠤ ᠬᠢᠮᠢ ᠶᠢᠨ ᠪᠤᠷᠳᠤᠭᠤᠷ ᠬᠤᠳᠠᠯᠳᠤᠨ ᠠᠪᠬᠤ ᠬᠥᠮᠦᠨ ᠮᠠᠰᠢ ᠤᠯᠠᠨ᠂ ᠪᠢᠳᠡ ᠡᠨᠡ ᠬᠦ ᠬᠠᠭᠤᠷᠮᠠᠭ ᠬᠢᠮᠢ ᠶᠢᠨ ᠪᠤᠷᠳᠤᠭᠤᠷ᠂ ᠬᠠᠭᠤᠷᠮᠠᠭ ᠦᠷ᠎ᠡ ᠶᠢ ᠳᠡᠯᠭᠡᠭᠦᠷ ᠲᠤ ᠣᠷᠣᠭᠤᠯᠬᠤ ᠶᠢ ᠲᠡᠪᠴᠢᠵᠦ᠂ ᠵᠢᠩᠬᠢᠨᠢ ᠠᠷᠭ᠎ᠠ ᠵᠠᠮ ᠢᠶᠠᠷ ᠦᠷ᠎ᠡ ᠣᠷᠣᠭᠤᠯᠵᠤ᠂ ᠬᠢᠮᠢ ᠶᠢᠨ ᠪᠤᠷᠳᠤᠭᠤᠷ ᠣᠷᠣᠭᠤᠯᠤᠨ᠎ᠠ︾ ᠭᠡᠵᠡᠢ᠃    ᠡᠭᠦᠨ ᠤ ᠵᠡᠷᠭᠡᠴᠡᠭᠡᠪᠡᠷ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠥᠷᠭᠡᠨ ᠣᠯᠠᠨ ᠲᠠᠷᠢᠶᠠᠴᠢᠨ ᠡᠷᠦᠬᠡ ᠳᠤ ᠬᠤᠳᠠᠯ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠢᠯᠭᠠᠨ ᠲᠠᠨᠢᠬᠤ ᠪᠠ ᠦᠷ᠎ᠡ ᠬᠤᠳᠠᠯᠳᠤᠨ ᠠᠪᠬᠤ ᠳᠠᠭᠠᠨ ᠠᠩᠬᠠᠷᠬᠤ ᠴᠢᠬᠤᠯᠠᠲᠠᠶ ᠵᠦᠢᠯᠡᠰ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠥᠷᠭᠡᠨ ᠣᠯᠠᠨ ᠲᠠᠷᠢᠶᠠᠴᠢᠨ ᠡᠷᠦᠬᠡ ᠶᠢᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠪᠡ᠃    ᠱᠠᠩᠳᠤ ᠰᠢᠶᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠷ ᠲᠠᠮᠵᠢᠨ᠂ ᠲᠠᠷᠢᠶᠠᠴᠢᠳ ᠤᠨ ᠰᠠᠨᠠᠭ᠎ᠠ ᠠᠮᠤᠷ ᠲᠠᠷᠢᠬᠤ᠂ ᠰᠠᠨᠠᠭ᠎ᠠ ᠠᠮᠤᠷ ᠪᠤᠷᠳᠤᠭᠤᠷ ᠣᠷᠣᠭᠤᠯᠬᠤ᠂ ᠰᠠᠨᠠᠭ᠎ᠠ ᠠᠮᠤᠷ ᠡᠮ ᠬᠡᠷᠡᠭᠯᠡᠬᠦ ᠶᠢ ᠪᠠᠲᠤᠯᠠᠵᠤ᠂ ᠪᠦᠬᠦ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠬᠦᠴᠦᠲᠡᠢ ᠴᠡᠪᠡᠷᠰᠢᠭᠦᠯᠵᠦ᠂ ᠪᠦᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠲᠤᠯᠠᠵᠤ᠂ ᠪᠦᠬᠦ ᠰᠢᠶᠠᠨ ᠳᠤ ᠰᠠᠶᠢᠨ ᠰᠠᠶᠢᠬᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠪᠠ᠃        ᠣᠷᠴᠢᠭᠤᠯᠣᠭᠴᠢ᠄  ᠬᠠᠨᠠᠭᠠᠷᠬᠢᠨᠠᠭᠴᠢ  ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2