ᠱᠠᠩᠳᠦ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠨᠡᠶᠢᠭᠡᠮ ᠤᠨ ᠢᠲᠡᠭᠡᠮᠵᠢ ᠶᠢᠨ ᠰᠠᠭᠤᠷᠢ ᠶᠢ ᠪᠠᠲᠤᠳᠬᠠᠬᠤ ᠬᠡᠷᠡᠭᠲᠡᠶ
ᠨᠡᠶᠢᠲᠡᠯᠡᠭᠰᠡᠨ ᠴᠠᠭ᠄
2024/4/8
   ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢ᠊ ᠡᠶ᠎ᠡ ᠨᠢ ᠳᠣᠲᠣᠭᠠᠳᠤ ᠶᠢ ᠬᠠᠮᠠᠭᠠᠯᠠᠬᠤ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠠᠭᠳᠠᠭ᠎ᠠ︾ ᠨᠢ ︽ᠠᠵᠤ ᠠᠬᠤᠶᠢᠯᠠᠯ︾ ᠢ ᠳᠠᠭᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠤᠯᠠᠨ ᠠᠷᠭ᠎ᠠ ᠬᠡᠮᠵᠢ᠊ ᠡᠶ᠎ᠡ ᠶᠢ ᠵᠡᠷᠭᠡᠪᠡᠷ ᠬᠡᠷᠡᠭᠯᠡᠵᠦ᠂ ᠤᠯᠠᠨ ᠠᠷᠭ᠎ᠠ  ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠦᠨᠡᠨᠴᠢ ᠢᠲᠡᠭᠡᠮᠵᠢ ᠶᠢᠨ ᠰᠢᠰᠲᠧᠮ ᠤᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ︽ᠬᠠᠮ ᠠᠷᠭ᠎ᠠ ᠬᠡᠮᠵᠢ᠊ ᠡᠶ᠎ᠡ︾ ᠶᠢ ᠬᠡᠷᠡᠭᠯᠡᠵᠡᠢ᠃    ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦ ᠨᠡᠮᠡᠷᠢᠯᠡᠨ᠎ᠡ᠃ ᠬᠠᠷᠢᠶᠠᠲᠤ ᠣᠷᠣᠨ ᠤ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠭᠤᠤᠯ ᠬᠠᠷᠢᠭᠤᠴᠠᠯᠭ᠎ᠠ᠂ ᠭᠤᠤᠯ ᠠᠵᠢᠯ ᠳᠤ ᠰᠠᠭᠤᠷᠢᠯᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠨᠡ ᠬᠦ ᠵᠠᠩᠭᠢᠯᠠᠭ᠎ᠠ ᠶᠢ ᠳᠣᠪᠤᠶᠢᠯᠭᠠᠨ᠂ ︽ᠳᠠᠭᠠᠭᠠᠴᠢᠯᠠᠨ ᠠᠳᠬᠤᠵᠤ ᠬᠤᠯᠪᠣᠭᠠᠯᠠᠬᠤ︾ ᠠᠵᠤ ᠠᠬᠤᠶᠢᠯᠠᠯ ᠤᠨ ᠠᠵᠢᠯ ᠢᠶᠠᠷ ᠭᠠᠷᠳᠠᠴᠠ ᠪᠣᠯᠭᠠᠵᠤ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠨᠠᠩ ᠰᠠᠶᠢᠨ ᠬᠦᠴᠦᠨ ᠨᠡᠮᠡᠷᠢᠯᠡᠨ᠎ᠡ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ︽ᠠᠶᠠᠯᠠᠯ ᠬᠠᠮᠠᠭᠠᠯᠠᠬᠤ ᠴᠠᠭᠳᠠᠭ᠎ᠠ︾ ᠶᠢᠨ ᠲᠦᠷᠢᠮ ᠢ ᠭᠦᠨᠵᠡᠭᠡᠶᠢᠷᠡᠭᠦᠯᠵᠦ᠂ ᠴᠠᠭᠳᠠᠭ᠎ᠠ ᠪᠠ ᠠᠵᠤ ᠠᠬᠤᠶᠢᠯᠠᠯ ᠤᠨ ᠭᠤᠤᠯ ᠲᠥᠯᠥᠭᠡᠯᠡᠭᠴᠢ ᠲᠣᠭᠲᠠᠮᠠᠯ ᠬᠤᠭᠤᠴᠠᠭ᠎ᠠ ᠲᠠᠢ ᠪᠠᠷ ᠶᠠᠷᠢᠯᠴᠠᠨ ᠰᠣᠯᠢᠯᠴᠠᠵᠤ᠂ ᠰᠠᠨᠠᠯ ᠬᠤᠷᠢᠶᠠᠵᠤ᠂ ᠠᠵᠤ ᠠᠬᠤᠶᠢᠯᠠᠯ ᠳᠤ ᠬᠤᠯᠪᠣᠭᠳᠠᠬᠤ ᠠᠰᠠᠭᠤᠳᠠᠯ ᠢ ᠰᠢᠶ᠋ᠳᠪᠦᠷᠢᠯᠡᠬᠦ ᠶᠢ ᠠᠬᠢᠭᠤᠯᠪᠠ᠃ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠤᠶᠢᠯᠠᠭᠠᠨ ᠡᠵᠡᠮᠰᠢᠬᠦ ᠶᠢᠨ ᠬᠠᠮᠲᠤ ︽ᠠᠵᠤ ᠠᠬᠤᠶᠢᠯᠠᠯ ᠢ ᠳᠠᠭᠠᠵᠤ ᠰᠤᠷᠪᠤᠯᠵᠢᠯᠠᠬᠤ︾ ᠡᠬᠡ ᠲᠠᠩᠰᠠ ᠶᠢ ᠪᠠᠶᠢᠭᠤᠯᠵᠤ᠂ ᠮᠥᠷᠳᠡᠨ ᠵᠣᠬᠢᠴᠠᠭᠤᠯᠵᠤ᠂ ᠲᠠᠩᠰᠠ ᠶᠢ ᠬᠠᠷᠭᠤᠭᠤᠯᠵᠤ ᠳ᠋ᠤᠭᠠᠷ ᠢ ᠬᠠᠰᠤᠵᠤ᠂ ᠶᠠᠪᠤᠳᠠᠯ ᠪᠣᠯᠭᠠᠨ ᠳᠤ ᠬᠠᠷᠢᠭᠤ ᠥᠭᠬᠦ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ︽ᠳᠥᠷᠪᠡᠨ ᠰᠡᠳᠬᠢᠯ︾ ᠤᠨ ᠠᠵᠢᠯ ᠤᠨ ᠠᠷᠭ᠎ᠠ ᠶᠢ ᠪᠠᠷᠢᠮᠲᠠᠯᠠᠵᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠨᠡᠨᠴᠢ ᠢᠲᠡᠭᠡᠮᠵᠢ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠴᠠᠭᠳᠠᠭᠠᠨ ᠤ ᠠᠵᠢᠯ ᠢ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤᠮᠳᠠ᠂ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ︽ᠳᠥᠷᠪᠡᠨ ᠰᠡᠳᠬᠢᠯ︾ ᠤᠨ ᠠᠵᠢᠯ ᠤᠨ ᠠᠷᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠠᠷᠠᠳ ᠠᠴᠠ ᠲᠤᠰᠠᠯᠠᠬᠤ ᠴᠠᠭᠳᠠᠭ᠎ᠠ ᠶᠢ ᠬᠥᠲᠥᠯᠥᠨ ᠵᠢᠯᠣᠭᠤᠳᠴᠤ ᠪᠠᠶᠢᠭᠠᠳ ᠦᠨᠡᠨ ᠬᠦ ᠬᠠᠯᠠᠭᠤᠨ ᠰᠡᠳᠬᠢᠯ ᠢᠶᠠᠷ ᠦᠢᠯᠡᠴᠢᠯᠡᠬᠦ᠂ ᠬᠠᠯᠠᠰᠢᠷᠠᠯ ᠦᠭᠡᠶ ᠬᠥᠲᠥᠯᠥᠨ ᠵᠢᠯᠣᠭᠤᠳᠬᠤ᠂ ᠨᠠᠷᠢᠨ ᠨᠢᠮᠪᠠᠶ ᠠᠵᠢᠯᠯᠠᠬᠤ᠂ ᠦᠨᠡᠨ ᠰᠡᠳᠬᠢᠯ ᠠᠴᠠ ᠪᠠᠨ ᠬᠦᠯᠢᠶᠡᠬᠦ ᠶᠢ ᠪᠡᠶᠡᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠳᠡᠭᠡᠭᠰᠢᠯᠡᠭᠦᠯᠵᠦ ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠢᠳᠡᠪᠬᠢᠲᠡᠶ ᠰᠣᠨᠣᠰᠴᠤ᠂ ᠤᠯᠠᠨ ᠲᠦᠮᠡᠨ ᠤ ᠲᠥᠪᠯᠡᠷᠡᠭᠦᠯᠦᠨ ᠲᠤᠰᠬᠠᠭᠰᠠᠨ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠠᠷᠭ᠎ᠠ ᠪᠤᠳᠤᠯᠭ᠎ᠠ ᠠᠪᠴᠤ ᠰᠢᠢᠳᠪᠦᠷᠢᠯᠡᠵᠦ᠂ ᠬᠤᠪᠢᠳᠠᠭᠰᠠᠨ ᠶᠠᠪᠤᠳᠠᠯ ᠢᠶᠠᠨ ᠲᠦᠷᠭᠡᠨ ᠰᠢᠢᠳᠪᠦᠷᠢᠯᠡᠵᠦ᠂ ᠬᠤᠪᠢᠳᠠᠭᠰᠠᠨ ᠶᠠᠪᠤᠳᠠᠯ ᠢᠶᠠᠨ ᠬᠠᠪᠰᠤᠷᠤᠨ ᠰᠢᠢᠳᠪᠦᠷᠢᠯᠡᠵᠦ᠂ ᠬᠦᠴᠢᠷᠲᠡᠢ ᠶᠠᠪᠤᠳᠠᠯ ᠢ ᠪᠤᠳᠤᠨ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠵᠦ᠂ ︽ᠢᠲᠡᠭᠡᠮᠵᠢ +︾ ᠴᠠᠭᠳᠠᠭᠠᠨ ᠤ ᠶᠠᠪᠤᠳᠠᠯ ᠤᠨ ᠵᠠᠭᠪᠤᠷ ᠢ ᠪᠦᠬᠦ ᠬᠦᠴᠦᠨ ᠢᠶᠠᠷ ᠢᠶᠠᠨ ᠡᠭᠦᠳᠴᠦ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠰᠠᠭᠤᠷᠢ ᠦᠩᠭᠡ ᠶᠢ ᠲᠠᠰᠤᠷᠠᠯᠳᠡ ᠦᠭᠡᠢ ᠴᠡᠪᠡᠷᠯᠡᠵᠦ᠂ ᠴᠠᠭᠳᠠᠭᠠᠨ ᠤ ᠶᠠᠪᠤᠳᠠᠯ ᠪᠣᠯᠤᠨ ᠦᠢᠯᠡᠴᠢᠯᠡᠭᠡ ᠶᠢ ᠬᠤᠣᠰ ᠴᠢᠭᠯᠡᠯ ᠢᠶᠠᠷ ᠳᠡᠭᠡᠭᠰᠢᠯᠡᠭᠦᠯᠬᠦ ᠬᠠᠷᠠᠯᠲᠠ ᠳᠤ ᠬᠦᠷᠬᠦ ᠪᠠᠷ ᠴᠢᠷᠮᠠᠶᠢᠵᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢ᠊ ᠡᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃    ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠵᠠᠰᠠᠬᠤ ᠦᠢᠯᠡᠴᠢᠯᠡᠭᠡᠨ ᠤ ᠣᠷᠴᠢᠨ ᠨᠥᠬᠦᠴᠡᠯ ᠢ ᠪᠤᠢ ᠪᠣᠯᠭᠠᠪᠠ᠃ ᠬᠢᠨᠠᠨ ᠬᠠᠮᠢᠶᠠᠷᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠴᠠᠭᠳᠠᠵᠤ ᠵᠢᠵᠢᠭᠦᠷᠯᠡᠨ ᠰᠠᠬᠢᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠠᠵᠤ ᠠᠬᠤᠶᠢᠯᠠᠯ ᠤᠨ ᠳᠣᠲᠣᠭᠠᠳᠤ ᠶᠢᠨ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ︽ᠭᠤᠷᠪᠠ ᠶᠢ ᠰᠡᠷᠭᠡᠶᠢᠯᠡᠬᠦ︾ ᠪᠥᠲᠥᠭᠡᠨ ᠪᠠᠶᠢᠭᠤᠯᠤᠯᠲᠠ ᠶᠢᠨ ᠵᠢᠯᠣᠭᠤᠳᠣᠯᠭ᠎ᠠ ᠶᠢ ᠴᠢᠩᠭᠠᠳᠬᠠᠨ᠂ ︽ᠳᠠᠭᠤᠳᠠᠪᠠᠯ ᠵᠠᠪᠠᠯ ᠬᠦᠯᠢᠶᠡᠵᠦ᠂ ᠶᠠᠪᠤᠳᠠᠯ ᠥᠬᠡᠶ ᠪᠣᠯ ᠬᠠᠷᠰᠢᠯᠠᠬᠤ ᠥᠬᠡᠶ︾ ︽ᠳᠡᠯᠭᠡᠭᠦᠷ ᠤᠨ ᠪᠠᠭ᠎ᠠ ᠬᠤᠶᠠᠳᠤᠭᠠᠷ︾ ᠤᠨ ᠵᠣᠷᠢᠭ ᠰᠠᠨᠠᠭ᠎ᠠ ᠶᠢ ᠦᠶ᠋ᠯᠡᠳᠦᠯᠭᠡᠵᠢᠭᠦᠯᠵᠦ᠂ ᠬᠢᠨᠠᠨ ᠬᠠᠮᠢᠶᠠᠷᠬᠤ ᠦᠶ᠋ᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠬᠠᠤᠯᠢ ᠠᠴᠠ ᠵᠥᠷᠢᠴᠡᠨ ᠶᠠᠯ᠎ᠠ ᠬᠢᠬᠦ ᠣᠷᠣᠨ ᠵᠠᠶ ᠶᠢ ᠪᠥᠬᠦ ᠬᠦᠴᠦᠨ ᠢᠶᠠᠷ ᠢᠶᠠᠨ ᠰᠢᠬᠠᠨ ᠳᠠᠷᠤᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠡᠮᠦᠷ ᠬᠡᠷᠡᠮ ᠲᠡᠮᠦᠷ ᠬᠠᠨ᠎ᠠ ᠶᠢ ᠪᠠᠬᠢᠵᠢᠭᠦᠯᠦᠨ᠎ᠡ᠃ ᠤᠨᠢᠨ ᠳᠡᠭᠡᠷ᠎ᠡ ᠨᠢ ᠳᠤᠰᠤᠯᠭᠠᠨ ᠤᠰᠤᠯᠠᠬᠤ᠂ ᠬᠠᠨᠳᠤᠯᠭᠠᠲᠤ ᠵᠠᠰᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠠᠵᠤ ᠠᠬᠤᠶ ᠶᠢᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ ᠵᠠᠳᠠᠯᠬᠤ ᠵᠢᠴᠢ ᠤᠷᠢᠳᠴᠢᠯᠠᠨ ᠰᠡᠷᠭᠡᠶᠢᠯᠡᠬᠦ ᠤᠬᠠᠭᠤᠯᠤᠨ ᠲᠠᠶᠢᠯᠪᠤᠷᠢᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ᠬᠡᠷᠡᠭ ᠬᠢᠭᠰᠡᠨ ᠬᠦᠴᠦᠨ ᠵᠦᠶ᠋ᠯ ᠢ ᠨᠠᠷᠢᠨ ᠬᠢᠨᠠᠮᠠᠭᠠᠶ ᠵᠠᠳᠠᠯᠤᠨ ᠰᠤᠳᠤᠯᠤᠨ ᠮᠠᠭᠠᠳᠯᠠᠵᠤ᠂ ᠠᠵᠤ ᠠᠬᠤᠶᠢᠯᠠᠯ ᠤᠨ ᠨᠢᠭᠡᠴᠡ ᠶᠢᠨ ᠳᠣᠲᠣᠭᠠᠳᠤ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠯᠠᠶ ᠣᠷᠣᠨ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠬᠠᠤᠯᠢ ᠶᠣᠰᠣᠭᠠᠷ ᠡᠵᠡᠩᠨᠡᠬᠦ ᠣᠨᠣᠯᠵᠢᠬᠤᠨ ᠢ ᠨᠡᠮᠡᠭᠳᠡᠭᠦᠯᠬᠦ ᠶᠢ ᠠᠬᠢᠭᠤᠯᠤᠨ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠤᠷᠢᠳᠴᠢᠯᠠᠨ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ︽ᠥᠴᠦᠬᠡᠨ ᠴᠦ ᠢᠯᠳᠠᠷ ᠬᠠᠶᠠᠬᠤ ᠦᠭᠡᠢ ︾ ᠣᠪᠣᠷ ᠢ ᠢᠮᠠᠭᠲᠠ ᠪᠠᠷᠢᠮᠲᠠᠯᠠᠵᠤ᠂ ︽ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠶᠢᠬᠤ᠂ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠬᠦ ᠪᠠ ᠬᠤᠬᠢᠷᠠᠯ ᠢ ᠲᠣᠬᠤᠬᠤ︾ ᠪᠠᠷ ᠬᠠᠷᠠᠯᠲᠠ ᠪᠣᠯᠭᠠᠨ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠦᠷᠭᠡᠨ ᠡᠪᠳᠡᠬᠦ ᠳᠤ ᠴᠢᠩᠭ᠎ᠠ ᠴᠣᠬᠢᠯᠲᠠ ᠥᠭᠴᠦ᠂ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠬᠦ ᠪᠠ ᠬᠤᠬᠢᠷᠠᠯ ᠢ ᠲᠣᠬᠤᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠠᠮᠤᠷ ᠢ ᠬᠠᠮᠠᠭᠠᠯᠠᠬᠤ ᠣᠷᠴᠢᠨ ᠨᠥᠬᠦᠴᠡᠯ᠂ ᠬᠠᠤᠯᠢ ᠪᠠᠷ ᠵᠠᠰᠠᠬᠤ ᠣᠷᠴᠢᠨ ᠨᠥᠬᠦᠴᠡᠯ᠂ ᠦᠢᠯᠡᠴᠢᠯᠡᠭᠡᠨ ᠤ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃            ᠣᠷᠴᠢᠭᠤᠯᠣᠭᠴᠢ᠄  ᠬᠠᠨᠠᠭᠠᠷᠬᠢᠨᠠᠭᠴᠢ  ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2