ᠮᠠᠨ ᠤ ᠰᠢᠶᠠᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/4/9
  4 ᠰᠠᠷ᠎ᠠ ᠶᠢᠨ 8 ᠤ ᠡᠳᠦᠷ᠂ ᠮᠠᠨ ᠤ ᠰᠢᠶᠠᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠷᠢ ᠭᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ︽ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠳᠤ ︽ᠡᠷᠬᠢᠨ ᠬᠠᠷᠠᠬᠤ︾ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠡᠯ᠎ᠡ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠰᠠᠯᠠᠭ᠎ᠠ ᠮᠥᠴᠢᠷ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠡᠷᠬᠢᠨ ᠬᠠᠷᠠᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠪᠠᠲᠤᠳᠬᠠᠬᠤ ᠶᠢᠨ ᠬᠠᠮᠲᠤ᠂ ᠴᠡᠭᠴᠡᠯᠡᠨ ᠰᠠᠶᠢᠵᠢᠷᠠᠭᠤᠯᠤᠭᠰᠠᠨ ᠠᠵᠢᠯ ᠢ ᠣᠳᠣᠬᠠᠨ ᠤ ᠠᠵᠢᠯ ᠲᠠᠢ ᠨᠢᠭᠲᠠ ᠤᠶᠠᠯᠳᠤᠭᠤᠯᠵᠤ᠂ ᠵᠡᠷᠭᠡᠪᠡᠷ ᠥᠷᠨᠢᠭᠦᠯᠵᠦ᠂ ᠵᠡᠷᠭᠡᠪᠡᠷ ᠶᠠᠪᠤᠭᠳᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠴᠢᠨᠠᠷ ᠴᠢᠨᠰᠠᠭ᠎ᠠ ᠶᠢ ᠪᠠᠲᠤᠯᠠᠬᠤ ᠮᠥᠷᠲᠡᠭᠡᠨ ᠪᠠᠰᠠ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠦᠷᠭᠦᠯᠵᠢᠯᠡᠬᠦ ᠴᠢᠨᠠᠷ ᠢ ᠪᠠᠲᠤᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃    ᠣᠷᠴᠢᠭᠤᠯᠣᠭᠴᠢ᠄  ᠬᠠᠨᠠᠭᠠᠷᠬᠢᠨᠠᠭᠴᠢ  ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2