ᠱᠠᠩᠳᠤ ᠰᠢᠶᠠᠨ ᠬᠤᠶᠠᠳᠤᠭᠠᠷ ᠬᠤᠭᠤᠴᠠᠭᠠᠨ ᠤ ᠬᠥᠳᠡᠭᠡ ᠲᠣᠰᠬᠤᠨ ᠤ ᠤᠷᠠᠨ ᠳᠠᠷᠬᠠᠨ ᠢ ᠰᠢᠯᠭᠠᠷᠠᠭᠤᠯᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠪᠡᠯᠡᠳᠬᠡᠯ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/4/9
  4 ᠰᠠᠷ᠎ᠠ ᠶᠢᠨ 8 ᠤ ᠡᠳᠦᠷ᠂ ᠱᠠᠩᠳᠤ ᠰᠢᠶᠠᠨ ᠬᠤᠶᠠᠳᠤᠭᠠᠷ ᠬᠤᠭᠤᠴᠠᠭᠠᠨ ᠤ ᠬᠥᠳᠡᠭᠡ ᠲᠣᠰᠬᠤᠨ ᠤ ᠤᠷᠠᠨ ᠳᠠᠷᠬᠠᠨ ᠢ ᠰᠢᠯᠭᠠᠷᠠᠭᠤᠯᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠪᠡᠯᠡᠳᠬᠡᠯ ᠤᠷᠤᠯᠳᠤᠭᠠᠨ ᠶᠠᠪᠤᠭᠤᠯᠪᠠ᠃ ᠤᠷᠤᠯᠳᠤᠭᠠᠨ ᠢ ᠱᠠᠩᠳᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢ᠊ ᠡᠶ᠎ᠡ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠠᠵᠢᠯᠴᠢᠨ ᠤ ᠶᠡᠷᠦᠩᠬᠡᠢ ᠡᠪᠯᠡᠯ ᠵᠡᠷᠭᠡ ᠨᠢᠭᠡᠴᠡ ᠠᠴᠠ ᠭᠤᠣᠯᠯᠠᠨ ᠡᠷᠬᠢᠯᠡᠵᠦ᠂ ᠤᠯᠠᠭᠠᠨᠴᠠᠪ ᠬᠤᠳᠠ ᠶᠢᠨ ᠹᠦ᠋ ᡁᠢ ᠶᠤᠸᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠪᠡ᠃
   ᠲᠤᠰ ᠤᠳᠠᠭᠠᠨ ᠤ ᠤᠷᠤᠯᠳᠤᠭᠠᠨ ᠢ ᠣᠬᠤᠷ ᠸᠢᠳᠢᠣ᠋ ᠪᠠᠷ ᠦᠢᠯᠡᠳᠬᠦ ᠪᠠ ᠪᠠᠷᠠᠭ᠎ᠠ ᠲᠠᠢ ᠤᠨᠴᠠᠯᠢᠬᠳᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠰᠢᠭᠤᠳ ᠨᠡᠪᠲᠡᠷᠡᠭᠦᠯᠬᠦ ᠵᠡᠷᠭᠡ ᠬᠡᠯᠪᠡᠷᠢ ᠪᠠᠷ ᠶᠠᠪᠤᠭᠳᠠᠭᠤᠯᠵᠤ᠂ ᠠᠵᠢᠯᠯᠠᠭ᠎ᠠ ᠶᠢᠨ ᠵᠣᠷᠢᠯᠭ᠎ᠠ ᠨᠢ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠰᠢᠭᠤᠳ ᠨᠡᠪᠲᠡᠷᠡᠭᠦᠯᠭᠡ ᠶᠢᠨ ᠴᠢᠳᠠᠪᠤᠷᠢᠲᠠᠨ ᠢ ᠠᠭᠤᠳᠠᠯᠤᠨ ᠬᠥᠮᠦᠵᠢᠭᠦᠯᠵᠦ᠂ ᠡᠯᠧᠺᠲᠷᠣᠨ ᠬᠤᠳᠠᠯᠳᠤᠭᠠᠨ ᠤ ᠴᠢᠳᠠᠪᠤᠷᠢ ᠶᠢ ᠠᠰᠢᠭᠯᠠᠨ᠂ ᠱᠠᠩᠳᠤ ᠰᠢᠶᠠᠨ ᠤ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠶᠡᠬᠡᠪᠡᠷ ᠤᠯᠠᠮᠵᠢᠯᠠᠵᠤ᠂ ᠲᠤᠰ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠪᠠ ᠳᠠᠮᠵᠢᠭᠤᠯᠬᠤ ᠬᠦᠴᠦᠨ ᠢ ᠳᠡᠭᠡᠭᠰᠢᠯᠡᠭᠦᠯᠵᠦ᠂ ᠤᠷᠤᠯᠳᠤᠭᠠᠨ ᠢᠶᠠᠷ ᠪᠣᠯᠪᠠᠰᠤᠷᠠᠭᠤᠯᠬᠤ ᠶᠢ ᠠᠬᠢᠭᠤᠯᠬᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠴᠢᠳᠠᠪᠤᠷᠢᠲᠠᠨ ᠢ ᠬᠥᠮᠦᠵᠢᠭᠦᠯᠬᠦ᠂ ᠤᠷᠤᠯᠳᠤᠭᠠᠨ ᠢᠶᠠᠷ ᠴᠢᠳᠠᠪᠤᠷᠢᠲᠠᠨ ᠢ ᠴᠤᠭᠯᠠᠷᠠᠭᠤᠯᠬᠤ ᠪᠠᠷ ᠳᠠᠮᠵᠢᠭᠤᠯᠵᠤ᠂ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠴᠤᠭ ᠵᠢᠪᠬᠤᠭ᠎ᠠ ᠶᠢ ᠢᠯᠡᠷᠡᠭᠦᠯᠬᠦ ᠲᠠᠪᠴᠠᠩ ᠢ ᠪᠠᠶᠢᠭᠤᠯᠵᠤ᠂ ᠱᠠᠩᠳᠤ ᠰᠢᠶᠠᠨ ᠤ ᠤᠨᠴᠠᠯᠢᠬᠳᠤ ᠤᠳᠤ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ ᠲᠣᠰ ᠠᠵᠢᠯᠯᠠᠭ᠎ᠠ ᠳᠤ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 1 ᠨᠡᠷᠡᠰ᠂ ᠭᠤᠷᠪᠠᠳᠤᠭᠠᠷ ᠳᠡᠰ ᠤᠨ ᠱᠠᠩᠨᠠᠯ 1 ᠨᠡᠷᠡᠰ᠂ ᠰᠢᠯᠢᠳᠡᠭ ᠱᠠᠩᠨᠠᠯ 2 ᠨᠡᠷᠡᠰ ᠰᠢᠯᠭᠠᠷᠠᠭᠤᠯᠵᠠᠶ᠃
   ᠱᠠᠩᠳᠤ ᠰᠢᠶᠠᠨ ᠤ ᠲᠦᠨ ᠺᠧᠨ ᠳᠦᠢ ᠪᠠᠯᠭᠠᠰᠤᠨ ᠤ ᠡᠮᠡᠭᠲᠡᠶ ᠲᠠᠷᠢᠶᠠᠯᠠᠩ ᠤᠨ ᠪᠦᠲᠦᠭᠡᠭᠳᠡᠭᠦᠨ ᠲᠦᠯᠬᠢᠨ ᠠᠬᠢᠭᠤᠯᠣᠭᠴᠢ ᠵᠧᠩ ᠵᠢᠶᠠᠨ ᠰᠢᠶᠠ ᠬᠡᠯᠡᠬᠦ ᠳᠡᠭᠡᠨ᠄ ︽ᠲᠣᠰ ᠤᠳᠠᠭᠠᠨ ᠤ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠮᠠᠨ ᠤ ᠭᠤᠤᠯ ᠨᠡᠪᠲᠡᠷᠡᠭᠦᠯᠦᠭᠴᠢ ᠳᠤ ᠦᠵᠡᠭᠦᠯᠦᠭᠰᠡᠨ ᠬᠠᠪᠰᠤᠷᠤᠯᠭ᠎ᠠ ᠮᠠᠰᠢ ᠶᠡᠭᠡ ᠪᠠᠶᠢᠵᠤ᠂ ᠪᠢᠳᠡᠨ ᠤ ᠠᠵᠢᠯ ᠤᠨ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠂ ᠬᠠᠮᠤᠭ ᠤᠨ ᠴᠢᠬᠤᠯᠠ ᠨᠢ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠮᠠᠨ ᠤ ᠲᠤᠬᠠᠶ ᠶᠢᠨ ᠭᠠᠵᠠᠷ ᠤᠨ ᠰᠣᠶᠣᠯ᠂ ᠵᠢᠭᠤᠯᠴᠢᠯᠠᠯ ᠢ ᠤᠬᠠᠭᠤᠯᠵᠤ ᠪᠣᠯᠤᠨ᠎ᠠ᠃ ᠢᠨᠲ᠋ᠤᠷ ᠰᠦᠯᠵᠢᠶ᠎ᠡ ᠲᠠᠢ ᠰᠠᠶ᠋ᠢᠬᠠᠨ ᠣᠶᠢᠷᠠᠲᠤᠭᠰᠠᠨ ᠠᠴᠠ ᠣᠲᠣ ᠪᠣᠯᠲᠠᠯ᠎ᠠ᠂ ᠤᠷᠤᠯᠳᠤᠭᠠᠨ ᠠᠴᠠ ᠡᠮᠦᠨᠡᠬᠢ ᠪᠣᠯᠪᠠᠰᠤᠷᠠᠯ ᠵᠡᠷᠭᠡ ᠠᠵᠢᠯᠯᠠᠭ᠎ᠠ ᠪᠠᠷ ᠳᠡᠮᠵᠢᠨ᠂ ᠣᠯᠠᠨ ᠢᠶᠠᠷ ᠢᠶᠠᠨ ᠥᠷᠭᠡᠨ ᠠᠭᠤᠳᠠᠮ ᠲᠠᠷᠢᠶᠠᠨ ᠭᠠᠵᠠᠷ ᠢ ᠰᠢᠭᠤᠳ ᠨᠡᠪᠲᠡᠷᠡᠭᠦᠯᠬᠦ ᠥᠷᠥᠭᠡ  ᠪᠣᠯᠭᠠᠵᠤ᠂ ᠰᠢᠭᠤᠳ ᠨᠡᠪᠲᠡᠷᠡᠭᠦᠯᠭᠡ ᠶᠢ ᠰᠢᠨ᠎ᠡ ᠲᠠᠷᠢᠶᠠᠨ ᠠᠵᠢᠯ ᠪᠣᠯᠭᠠᠵᠤ᠂ ᠨᠠᠩ ᠣᠯᠠᠨ ᠬᠥᠮᠦᠨ ᠳᠤ ᠮᠠᠨ ᠤ ᠱᠠᠩᠳᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠢ ᠮᠡᠳᠡᠭᠦᠯᠬᠦ ᠶᠢ ᠬᠦᠰᠡᠵᠦ ᠪᠠᠶᠢᠨ᠎ᠠ︾ ᠭᠡᠵᠡᠶ᠃
   ᠱᠠᠩᠳᠤ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠪᠣᠯᠪᠠᠰᠤᠷᠠᠯ ᠤᠨ ᠲᠠᠰᠤᠭ ᠤᠨ ᠳᠠᠷᠤᠭ᠎ᠠ ᠮᠠ ᠫᠧᠩ ᠹᠸᠢ ᠬᠡᠯᠡᠬᠦ ᠳᠡᠭᠡᠨ᠄ ︽ᠲᠣᠰ ᠤᠳᠠᠭᠠᠨ ᠤ ᠤᠷ᠎ᠠ ᠮᠡᠷᠭᠡᠵᠢᠯ ᠤᠨ ᠤᠷᠤᠯᠳᠤᠭᠠᠨ ᠢᠶᠠᠷ ᠳᠠᠮᠵᠢᠭᠤᠯᠤᠨ ᠮᠠᠨ ᠤ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠭᠤᠯᠤᠯ ᠢ ᠥᠷᠭᠡᠳᠬᠡᠵᠦ᠂ ᠠᠵᠢᠯ ᠣᠯᠵᠤ ᠦᠶ᠋ᠯᠡᠰ ᠴᠣᠭᠴᠠᠯᠠᠬᠤ ᠠᠷᠭ᠎ᠠ ᠵᠠᠮ ᠢ ᠳᠠᠶᠢᠴᠢᠯᠠᠨ᠂ ᠮᠠᠨ ᠤ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠲᠥᠷᠥᠯ ᠤᠨ ᠴᠢᠳᠠᠪᠤᠷᠢᠲᠠᠨ ᠤ ᠬᠡᠷᠡᠭᠴᠡᠭᠡ ᠶᠢ ᠬᠠᠩᠭᠠᠵᠤ᠂ ᠲᠣᠰ ᠤᠳᠠᠭᠠᠨ ᠤ ᠤᠷᠤᠯᠳᠤᠭᠠᠨ ᠨᠢ ᠰᠦᠯᠵᠢᠶᠡᠨ ᠤ ᠤᠯᠠᠭᠠᠨ ᠲᠤᠭ᠎ᠠ ᠶᠢᠨ ᠢᠳᠡᠪᠬᠢᠵᠢᠯ ᠢ ᠳᠠᠶᠢᠴᠢᠯᠠᠭᠰᠠᠨ ᠢᠶᠠᠷ ᠪᠠᠷᠠᠬᠤ ᠥᠬᠡᠶ ᠪᠠᠰᠠ ᠰᠦᠯᠵᠢᠶᠡᠨ ᠤ ᠤᠯᠠᠭᠠᠨ ᠲᠤᠭ᠎ᠠ ᠶᠢᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠵᠦ᠂ ᠰᠦᠯᠵᠢᠶᠡᠨ ᠤ ᠤᠯᠠᠭᠠᠨ ᠲᠤᠭ᠎ᠠ ᠶᠢ ᠰᠢᠭᠤᠳ ᠨᠡᠪᠲᠡᠷᠡᠭᠦᠯᠵᠦ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠨ ᠤ ᠰᠢᠶᠠᠨ ᠤ ᠠᠵᠤ ᠠᠬᠤᠶ ᠶᠢᠨ ᠨᠡᠮᠡᠭᠳᠡᠯ ᠢ ᠳᠠᠶᠢᠴᠢᠯᠠᠭᠰᠠᠨ ᠪᠠᠶᠢᠨ᠎ᠠ︾ ᠭᠡᠪᠡ᠃
       ᠣᠷᠴᠢᠭᠤᠯᠣᠭᠴᠢ᠄  ᠬᠠᠨᠠᠭᠠᠷᠬᠢᠨᠠᠭᠴᠢ  ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2