ᠱᠢ ᠪᠠ ᠴᠢᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠡᠮᠡᠭᠲᠡᠶᠢᠴᠦᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/21
 ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢᠨ ᠬᠠᠮᠲᠤ ᠡᠯ᠎ᠡ ᠬᠦᠷᠢᠶᠡᠨ ᠤ ᠡᠮᠡᠭᠲᠡᠶᠢᠴᠦᠳ ᠤᠨ ᠲᠥᠯᠥᠭᠡᠯᠡᠭᠴᠢ ᠶᠢᠨ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 4 ᠰᠠᠷ᠎ᠠ ᠶᠢᠨ 28 ᠤ ᠡᠳᠦᠷ ᠱᠢ ᠪᠠ ᠴᠢᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠴᠢᠦᠢ ᠵᠢᠶᠠ ᠲᠣᠰᠬᠤᠨ ᠤ ︽ᠡᠮᠡᠭᠲᠡᠶᠢᠴᠦᠳ ᠤᠨ ᠭᠡᠷ︾ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠮᠡᠭᠲᠡᠶᠢᠴᠦᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ᠂ ᠡᠮᠡᠭᠲᠡᠶᠢᠴᠦᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠡᠨᠡ ᠬᠦ ᠭᠤᠣᠯ ᠰᠢᠵᠢᠮ ᠢ ᠴᠢᠩᠭ᠎ᠠ ᠡᠵᠡᠮᠳᠡᠵᠦ᠂ ᠪᠣᠷᠣᠭᠵᠢᠭᠤᠨ ᠴᠢᠩ ᠦᠨᠡᠨᠴᠢ ᠦᠭᠡ ᠬᠡᠯᠡ ᠪᠠᠷ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ᠂ ᠠᠮᠤᠷ ᠠᠮᠤᠭᠤᠯᠠᠩ ᠭᠡᠷ ᠪᠦᠯᠢ ᠶᠢᠨ ᠪᠠᠶᠢᠭᠤᠯᠤᠯᠲᠠ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ᠂ ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ ᠠᠵᠢᠯ ᠵᠡᠷᠭᠡ ᠡᠯ᠎ᠡ ᠲᠠᠯ᠎ᠠ ᠠᠴᠠ ᠰᠠᠨᠠᠯ ᠢᠶᠠᠨ ᠭᠦᠨᠵᠡᠭᠡᠶ ᠰᠣᠯᠢᠯᠴᠠᠭᠰᠠᠨ ᠪᠥᠭᠡᠳ ᠱᠢ ᠪᠠ ᠴᠢᠩ ᠪᠠᠯᠭᠠᠰᠤᠨ ᠤ ᠡᠮᠡᠭᠲᠡᠶᠢᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠡᠷᠬᠢᠨ ᠨᠠᠩ ᠰᠠᠶᠢᠲᠤᠷ ᠠᠬᠢᠭᠤᠯᠬᠤ ᠲᠤᠬᠠᠶ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠶ᠃    ᠳᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠮᠡᠭᠲᠡᠶᠢᠴᠦᠳ ᠤᠨ ᠠᠵᠢᠯ ᠤᠨ ᠭᠤᠣᠯ ᠰᠢᠵᠢᠮ ᠪᠣᠯᠭᠠᠵᠤ᠂ ᠠᠮᠢᠳᠤᠯᠢᠭ ᠪᠥᠭᠡᠳ ᠪᠦᠲᠦᠮᠵᠢᠲᠡᠢ ᠠᠵᠢᠯ ᠤᠨ ᠳᠤᠮᠳᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠤᠯᠠᠨ ᠲᠦᠮᠡᠨ ᠢ ᠦᠷᠭᠦᠯᠵᠢᠯᠡᠨ ᠬᠥᠮᠦᠵᠢᠭᠦᠯᠦᠨ ᠵᠢᠯᠣᠭᠤᠳᠴᠤ᠂ ᠡᠮᠡᠭᠲᠡᠶᠢᠴᠦᠳ ᠤᠨ ᠨᠡᠶᠢᠭᠡᠮ ᠪᠣᠯᠤᠨ ᠭᠡᠷ ᠪᠦᠯᠢ ᠳᠠᠬᠢ ᠦᠢᠯᠡᠳᠦᠯ ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠬᠠᠮᠲᠤ ᠪᠠᠷ ᠪᠦᠯᠬᠦᠮᠳᠡᠯ ᠲᠠᠢ ᠡᠶ᠎ᠡ ᠵᠣᠬᠢᠴᠠᠩᠭᠤᠢ᠂ ᠡᠶ᠎ᠡ ᠨᠠᠶᠢᠷᠲᠠᠢ ᠬᠥᠷᠰᠢ ᠵᠡᠷᠭᠡᠯᠡᠳᠡᠭᠡ᠂ ᠭᠡᠷ ᠪᠦᠯᠢ ᠶᠢᠨ ᠬᠠᠷᠢᠴᠠᠭ᠎ᠠ ᠶᠢ ᠪᠠᠶᠢᠭᠤᠯᠵᠤ᠂ ᠦᠨᠳᠦᠰᠦᠲᠡᠨ ᠤ ᠠᠵᠢᠯ ᠤᠨ ᠪᠦᠬᠦ ᠲᠠᠯ᠎ᠠ ᠪᠠᠷ ᠲᠡᠰ ᠳᠡᠪᠰᠢᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠠᠷᠪᠠᠨ ᠨᠠᠢᠮᠠᠨ ᠴᠢᠩ ᠪᠠᠯᠭᠠᠰᠤ ᠶᠢ ᠪᠦᠳᠦᠭᠡᠨ ᠪᠠᠶᠢᠭᠤᠯᠬᠤ ᠳᠤᠮᠳᠠ ᠡᠮᠡᠭᠲᠡᠶᠢᠴᠦᠳ ᠤᠨ ᠬᠦᠴᠦᠨ ᠴᠢᠳᠠᠯ ᠢ ᠨᠡᠮᠡᠷᠢᠯᠡᠨ᠎ᠡ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2