ᠰᠡᠳᠭᠢᠯ ᠢ ᠳᠤᠯᠠᠭᠠᠴᠠᠭ ᠤᠯᠬᠤ ᠠᠷᠠᠳ ᠤᠨ ᠶᠠᠪᠤᠳᠠᠯ ᠳᠤ ︽ᠳ᠋ᠢᠵᠢᠲᠠᠯ᠎ᠠ ᠬᠥᠳᠡᠯᠭᠡᠭᠦᠷ︾ ᠣᠭᠰᠠᠷᠠᠨ᠎ᠠ
ᠨᠡᠶᠢᠲᠡᠯᠡᠭᠰᠡᠨ ᠴᠠᠭ᠄
2024/5/21
  ᠣᠶᠢᠷ᠎ᠠ ᠶᠢᠨ ᠡᠳᠦᠷ ᠤᠳ ᠲᠤ᠂ ᠱᠢ ᠪᠠ ᠴᠢᠩ ᠪᠠᠯᠭᠠᠰᠤᠨ ᠤ ᠨᠠᠮ ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ ᠤᠨ ᠶᠡᠭᠡ ᠲᠢᠩᠬᠢᠮ ᠤᠨ ᠠᠷᠠᠳ ᠤᠨ ᠶᠠᠪᠤᠳᠠᠯ ᠤᠨ ᠴᠣᠩᠬᠤᠨ ᠤ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠲᠠᠰᠤᠷᠠᠯᠲᠠ ᠥᠬᠡᠶ ᠴᠤᠪᠤᠷᠠᠵᠤ᠂ ᠮᠠᠰᠢ ᠬᠥᠷ ᠨᠠᠷᠭᠢᠶᠠᠨ ᠲᠠᠢ ᠪᠠᠶᠢᠨ᠎ᠠ᠃ ᠡᠭᠦᠨ ᠤ ᠰᠢᠯᠲᠠᠭᠠᠨ ᠢ ᠨᠢ ᠨᠡᠬᠡᠮᠵᠢᠯᠡᠵᠦ ᠪᠠᠶᠢᠭ᠎ᠠ ᠨᠢ ᠣᠶᠢᠷ᠎ᠠ ᠶᠢᠨ ᠬᠤᠭᠤᠴᠠᠭᠠᠨ ᠳᠤ ︽ᠥᠪᠥᠷ ᠮᠣᠩᠭᠤᠯ ᠤᠨ ᠠᠪᠤᠷᠠᠨ ᠲᠤᠰᠠᠯᠠᠬᠤ ᠨᠡᠪᠲᠡᠷᠡᠭᠦᠯᠭᠡ︾ ᠶᠢᠨ ᠵᠢᠵᠢᠭ ᠫᠷᠤᠭ᠍ᠷᠠᠮ ᠢ ᠶᠡᠭᠡ ᠪᠠᠷ ᠳᠡᠯᠭᠡᠷᠡᠭᠦᠯᠵᠦ ᠪᠠᠶᠢᠭ᠎ᠠ ᠪᠣᠯᠬᠤᠷ ᠮᠠᠰᠢ ᠣᠯᠠᠨ ᠲᠣᠰᠬᠤᠨ ᠤ ᠠᠷᠠᠳ ᠶᠠᠭ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠪᠠ ᠬᠡᠷᠡᠭᠯᠡᠭᠡ ᠳᠤ ᠳᠠᠩᠰᠠᠯᠠᠭᠤᠯᠤᠨ ᠡᠷᠬᠡ ᠣᠯᠭᠤᠬᠤ ᠠᠷᠭ᠎ᠠ ᠶᠢ ᠪᠠᠭᠤᠯᠭᠠᠵᠤ ᠪᠠᠶᠢᠭ᠎ᠠ ᠶᠠᠪᠤᠳᠠᠯ ᠪᠣᠯᠤᠨ᠎ᠠ᠃    ᠲᠦᠷᠦ ᠶᠢᠨ ᠪᠣᠳᠣᠯᠭ᠎ᠠ ᠶᠢ ᠰᠠᠶᠢᠨ ᠮᠡᠳᠡᠬᠦ ᠦᠭᠡᠢ᠂ ᠤᠯᠠᠨ ᠤᠳᠠᠭ᠎ᠠ ᠮᠠᠲ᠋ᠧᠷᠢᠶᠠᠯ ᠲᠤᠰᠢᠶᠠᠵᠤ᠂ ᠬᠦᠯᠢᠶᠡᠬᠦ ᠴᠠᠭ ᠨᠢ ᠤᠷᠲᠤ ᠁ ᠤᠤᠯ ᠨᠢ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠬᠤ ᠶᠠᠪᠤᠴᠠ ᠳᠤ ᠬᠥᠮᠦᠨ ᠢ ᠬᠠᠮᠤᠭ ᠠᠴᠠ ᠶᠠᠷᠰᠢᠭ ᠲᠦᠪᠡᠭ ᠲᠠᠢ ᠪᠣᠯᠭᠠᠵᠠᠢ᠃ ᠣᠳᠣᠬᠠᠨ ᠳᠤ ︽ᠥᠪᠥᠷ ᠮᠣᠩᠭᠤᠯ ᠤᠨ ᠠᠪᠤᠷᠠᠨ ᠲᠤᠰᠠᠯᠠᠬᠤ ᠨᠡᠪᠳᠡᠷᠡᠬᠦᠢ︾ ᠭᠡᠬᠦ ᠵᠢᠵᠢᠭ ᠫᠷᠤᠭ᠍ᠷᠠᠮ ᠨᠡᠪᠲᠡᠷᠡᠵᠦ᠂ ᠶᠠᠭ ᠠᠯᠬᠤᠮ ᠠᠯᠬᠤᠮ ᠢᠶᠠᠷ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠡᠨᠡ ᠬᠦ ᠲᠦᠭᠵᠢᠷᠡᠯ ᠢ ᠨᠡᠪᠲᠡᠷᠡᠭᠦᠯᠵᠦ ᠪᠠᠶᠢᠨ᠎ᠠ᠃    ︽ᠥᠪᠥᠷ ᠮᠣᠩᠭᠤᠯ ᠤᠨ ᠠᠪᠤᠷᠠᠨ ᠲᠤᠰᠠᠯᠠᠯᠲᠠ ᠶᠢ ᠨᠡᠪᠲᠡᠷᠡᠭᠦᠯᠬᠦ︾ ᠠᠷᠭ᠎ᠠ ᠪᠠᠷ ᠡᠷᠬᠡ ᠣᠯᠭᠤᠭᠰᠠᠨ ᠪᠢᠴᠢᠭ᠂ ᠵᠣᠯ ᠵᠢᠷᠭᠠᠯ ᠤᠨ ᠨᠠᠷᠢᠨ ᠳᠠᠩᠰᠠ᠂ ᠰᠢᠨ᠎ᠡ ᠪᠠᠷ ᠭᠤᠶᠤᠴᠢᠯᠠᠭᠰᠠᠨ ᠢ ᠭᠦᠢᠴᠡᠳᠬᠡᠬᠦ᠂ ᠭᠤᠶᠤᠴᠢᠯᠠᠭᠰᠠᠨ ᠠᠬᠢᠴᠠ ᠶᠢ ᠪᠠᠶᠢᠴᠠᠭᠠᠨ ᠯᠠᠪᠯᠠᠬᠤ᠂ ᠣᠷᠣᠰᠢᠨ ᠲᠣᠭᠲᠠᠨᠢᠬᠤ ᠶᠢ ᠭᠡᠷᠡᠴᠢᠯᠡᠬᠦ᠂ ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠺᠠᠷᠲ ᠵᠡᠷᠭᠡ 6 ᠶᠡᠭᠡ ᠴᠢᠳᠠᠮᠵᠢ ᠶᠢ ᠭᠠᠷ ᠤᠨ ᠦᠰᠦᠭ ᠵᠢᠷᠤᠵᠤ᠂ ᠬᠦᠴᠢᠷᠳᠡᠯᠲᠡᠢ ᠤᠯᠠᠨ ᠲᠦᠮᠡᠨ ᠢ ᠭᠡᠷ ᠠᠴᠠ ᠪᠠᠨ ᠭᠠᠷᠬᠤ ᠦᠭᠡᠢ ᠪᠠᠷ ᠨᠡᠶᠢᠭᠡᠮ ᠤᠨ ᠠᠪᠤᠷᠠᠨ ᠲᠤᠰᠠᠯᠠᠯᠲᠠ ᠶᠢ ᠭᠤᠶᠤᠴᠢᠯᠠᠬᠤ᠂ ᠬᠦᠯᠢᠶᠡᠨ ᠠᠪᠴᠤ ᠰᠢᠢᠳᠪᠦᠷᠢᠯᠡᠬᠦ ᠠᠴᠠ ᠬᠠᠷᠭᠤᠭᠤᠯᠤᠨ ᠪᠠᠶᠢᠴᠠᠭᠠᠬᠤ᠂ ᠬᠢᠨᠠᠨ ᠬᠠᠷᠭᠤᠭᠤᠯᠵᠤ ᠨᠤᠲᠠᠯᠠᠬᠤ ᠬᠦᠷᠲᠡᠯᠡᠬᠢ ᠪᠤᠢ ᠪᠦᠬᠦᠢ ᠶᠠᠪᠤᠴᠠ ᠶᠢ ᠪᠦᠬᠦᠨ ᠢ ᠰᠦᠯᠵᠢᠶᠡᠨ ᠳᠡᠭᠡᠷ᠎ᠡ ᠶᠠᠪᠤᠭᠳᠠᠭᠤᠯᠵᠤ᠂ ᠲᠡᠭᠦᠨ ᠤ ᠤᠯᠠᠨ ᠲᠦᠮᠡᠨ ᠳᠤ ᠳᠥᠭᠦᠮ ᠦᠵᠡᠭᠦᠯᠬᠦ᠂ ᠵᠢᠷᠤᠮᠵᠢᠭᠤᠯᠤᠨ ᠬᠠᠮᠢᠶᠠᠷᠬᠤ᠂ ᠣᠶᠤᠨᠴᠢ ᠪᠠᠷ ᠠᠪᠤᠷᠠᠨ ᠲᠤᠰᠠᠯᠠᠬᠤ ᠳᠤᠮᠳᠠᠬᠢ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠳᠤ ︽ᠲᠣᠭᠠᠴᠢᠯᠠᠭᠰᠠᠨ ᠬᠥᠳᠡᠯᠭᠡᠭᠦᠷ︾ ᠤᠭᠰᠠᠷᠠᠵᠤ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠵᠠᠮ ᠳᠤ ᠣᠷᠣᠭᠤᠯᠬᠤ ᠶᠢ ᠠᠬᠢᠭᠤᠯᠪᠠ᠃    ᠱᠢ ᠪᠠ ᠴᠢᠩ ᠪᠠᠯᠭᠠᠰᠤᠨ ᠤ ᠠᠷᠠᠳ ᠤᠨ ᠶᠠᠪᠤᠳᠠᠯ ᠤᠨ ᠲᠤᠰᠠᠯᠠᠭᠴᠢ ᠢᠯᠡᠷᠬᠡᠶᠢᠯᠡᠭᠰᠡᠨ ᠨᠢ᠂ ︽ᠥᠪᠥᠷ ᠮᠣᠩᠭᠤᠯ ᠤᠨ ᠠᠪᠤᠷᠠᠨ ᠲᠤᠰᠠᠯᠠᠯᠲᠠ ᠶᠢ ᠨᠡᠪᠲᠡᠷᠡᠭᠦᠯᠬᠦ︾ ᠬᠡᠷᠡᠭᠯᠡᠯᠲᠡ ᠨᠢ ᠬᠦᠴᠢᠷᠳᠡᠯᠲᠡᠶ ᠣᠯᠠᠨ ᠲᠦᠮᠡᠨ ᠤ ᠲᠤᠭ᠎ᠠ ᠬᠡᠮᠵᠢᠶ᠎ᠡ ᠣᠯᠠᠨ᠂ ᠰᠠᠭᠤᠷᠢᠰᠢᠯ ᠬᠠᠷᠢᠴᠠᠩᠭᠤᠶ ᠪᠤᠶᠢᠳᠠ ᠪᠥᠭᠯᠡᠭᠦᠤ ᠪᠠᠶᠢᠵᠤ᠂ ᠠᠪᠤᠷᠠᠨ ᠲᠤᠰᠠᠯᠠᠬᠤ ᠬᠡᠷᠡᠭᠴᠡᠭᠡ ᠡᠳᠦᠷ ᠢᠷᠡᠬᠦᠶ᠎ᠡ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ᠂ ᠣᠯᠠᠨ ᠲᠠᠯ᠎ᠠ ᠳᠤ ᠪᠣᠳᠠᠲᠠᠶ ᠠᠴᠢ ᠬᠤᠯᠪᠣᠭᠳᠠᠯ ᠲᠠᠢ ᠶᠤᠮ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠮᠡᠳᠡᠭᠡ ᠵᠠᠩᠭᠢᠵᠢᠯᠲᠠ᠂ ᠲᠣᠭᠠᠴᠢᠯᠠᠭᠰᠠᠨ ᠥᠭᠡᠷᠡᠴᠢᠯᠡᠯᠲᠡ ᠶᠢ ᠬᠡᠷᠡᠭᠵᠢᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠪᠥᠭᠡᠳ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠦᠴᠦᠲᠡᠶ ᠳᠡᠭᠡᠭᠰᠢᠯᠡᠭᠦᠯᠪᠡ᠃    ᠣᠳᠣᠬᠠᠨ ᠳᠤ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠪᠣᠯᠤᠨ ᠪᠣᠶ ᠪᠥᠬᠦᠶ ᠲᠣᠰᠬᠤᠨ ᠤ ᠺᠠᠳ᠋ᠷ᠂ ᠠᠷᠠᠳ ᠤᠨ ᠶᠠᠪᠤᠳᠠᠯ ᠤᠨ ᠲᠤᠰᠠᠯᠠᠭᠴᠢ ᠶᠢᠨ ᠬᠠᠮᠲᠤ ᠶᠢᠨ ᠴᠢᠷᠮᠠᠶᠢᠯᠭ᠎ᠠ ᠪᠠᠷ᠂ ︽ᠥᠪᠥᠷ ᠮᠣᠩᠭᠤᠯ ᠤᠨ ᠠᠪᠤᠷᠠᠨ ᠲᠤᠰᠠᠯᠠᠯᠲᠠ ᠶᠢ ᠨᠡᠪᠲᠡᠷᠡᠭᠦᠯᠬᠦ︾ ᠵᠢᠵᠢᠭ ᠲᠠᠰ ᠳᠠᠷᠠᠭᠠᠯᠠᠯ ᠨᠢ ᠮᠠᠨ ᠤ ᠪᠠᠯᠭᠠᠰᠤᠨ ᠤ 27 ᠵᠠᠰᠠᠭ ᠵᠠᠬᠢᠷᠭᠠᠨ ᠤ ᠲᠣᠰᠬᠤᠨ ᠤ ᠳᠠᠩᠰᠠᠯᠠᠭᠤᠯᠤᠭᠰᠠᠨ ᠡᠷᠬᠡ ᠣᠯᠭᠤᠭᠰᠠᠨ ᠨᠣᠷᠮ᠎ᠠ ᠨᠢ 85% ᠳᠤ ᠬᠦᠷᠴᠦ ᠂ ᠬᠡᠰᠡᠭ ᠤᠶᠤᠨᠲᠤ ᠭᠠᠷ ᠤᠲᠠᠰᠤ ᠬᠡᠷᠡᠭᠯᠡᠵᠦ ᠴᠢᠳᠠᠬᠤ ᠥᠬᠡᠶ ᠨᠠᠰᠤᠲᠠᠶᠢᠴᠤᠳ ᠤᠨ ︿ᠵᠣᠯ ᠵᠢᠷᠭᠠᠯ ᠤᠨ ᠨᠠᠷᠢᠨ ᠲᠠᠩᠰᠠ﹀ ᠶᠢ ᠪᠠᠶᠢᠴᠠᠭᠠᠨ ᠦᠵᠡᠵᠦ᠂ ᠲᠥᠷᠥᠯ ᠰᠠᠳᠤᠨ ᠨᠠᠶᠢᠵᠠ ᠨᠥᠬᠦᠳ ᠪᠤᠶᠤ ᠠᠷᠠᠳ ᠤᠨ ᠶᠠᠪᠤᠳᠠᠯ ᠤᠨ ᠲᠤᠰᠠᠯᠠᠭᠴᠢ ᠶᠢᠨ ᠭᠠᠷ ᠤᠲᠠᠰᠤ ᠪᠠᠷ ᠳᠠᠮᠵᠢᠭᠤᠯᠤᠨ ᠣᠷᠣᠯᠠᠨ ᠭᠦᠢᠴᠡᠳᠬᠡᠵᠦ ᠪᠣᠯᠤᠨ᠎ᠠ᠃ ᠬᠠᠶᠢᠷ᠎ᠠ ᠬᠠᠯᠠᠮᠵᠢ ᠶᠢ ᠡᠷᠦᠬᠡ ᠳᠤ ᠬᠦᠷᠭᠡᠵᠦ᠂ ᠲᠥᠷᠥ ᠶᠢᠨ ᠪᠣᠳᠣᠯᠭ᠎ᠠ ᠶᠢ ᠬᠥᠮᠦᠨ ᠳᠤ ᠬᠦᠷᠲᠡᠯ᠎ᠡ ᠤᠬᠠᠭᠤᠯᠵᠤ᠂ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠬᠦ︾ ᠵᠣᠷᠢᠯᠲᠠ ᠶᠢ ᠦᠨᠡᠨ ᠬᠦ ᠦᠢᠯᠡᠳᠦᠯᠭᠡᠵᠢᠭᠦᠯᠪᠡ᠃    ᠱᠢ ᠪᠠ ᠴᠢᠩ ᠪᠠᠯᠭᠠᠰᠤ ︽ᠥᠪᠥᠷ ᠮᠣᠩᠭᠤᠯ ᠤᠨ ᠠᠪᠤᠷᠠᠨ ᠲᠤᠰᠠᠯᠠᠯᠲᠠ ᠶᠢ ᠨᠡᠪᠲᠡᠷᠡᠭᠦᠯᠬᠦ︾ ᠶᠢ ᠢᠳᠡᠪᠬᠢᠲᠡᠶ ᠤᠬᠠᠭᠤᠯᠤᠨ ᠳᠡᠯᠭᠡᠷᠡᠭᠦᠯᠵᠦ᠂ ᠬᠦᠴᠢᠷᠳᠡᠯᠲᠡᠶ ᠣᠯᠠᠨ ᠲᠦᠮᠡᠨ ᠳᠤ ᠲᠥᠬᠦᠮ ᠦᠵᠡᠭᠦᠯᠬᠦ ᠪᠠᠷ ᠬᠠᠷᠠᠯᠲᠠ ᠪᠣᠯᠭᠠᠨ᠂ ᠠᠵᠢᠯᠯᠠᠭᠠᠨ ᠤ ᠠᠷᠭ᠎ᠠ ᠶᠢ ᠵᠢᠭᠠᠵᠤ ᠥᠭᠬᠦ ᠪᠠᠷ ᠳᠠᠮᠵᠢᠭᠤᠯᠤᠨ᠂ ᠬᠦᠴᠢᠷᠳᠡᠯᠲᠡᠶ ᠣᠯᠠᠨ ᠲᠦᠮᠡᠨ ᠤ ᠣᠯᠠᠨ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠠᠩᠭᠠᠵᠤ᠂ ᠠᠪᠤᠷᠠᠨ ᠲᠤᠰᠠᠯᠠᠬᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠠᠷᠠᠳ ᠤᠨ ᠵᠣᠪᠠᠨᠢᠯ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠤᠨ᠂ ᠬᠦᠴᠢᠷᠳᠡᠯᠲᠡᠶ ᠣᠯᠠᠨ ᠲᠦᠮᠡᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠦᠨᠡᠨ ᠬᠦ ᠡᠳ᠋ᠯᠡᠭᠦᠯᠵᠦ᠂ ᠮᠠᠨ ᠤ ᠪᠠᠯᠭᠠᠰᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠪᠥᠬᠦ ᠪᠠᠯᠭᠠᠰᠤᠨ ᠤ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠰᠢᠨ᠎ᠡ ᠬᠢᠷᠢ ᠪᠦᠲᠦᠮᠵᠢ ᠶᠢ ᠳᠠᠬᠢᠨᠲᠠ ᠬᠡᠷᠡᠯ ᠭᠢᠯᠪᠠᠭ᠎ᠠ ᠪᠠᠨ ᠨᠡᠮᠡᠷᠢᠯᠡᠨ᠎ᠡ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2