【 ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠭᠦᠨ᠎ᠡ᠃ 】 ᠴᠠᠬᠢᠯᠭᠠᠨ ᠬᠥᠳᠡᠯᠭᠡᠭᠦᠷ ᠪᠠᠶᠠᠵᠢᠯ ᠤᠨ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/5/21
  ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠲᠦᠨ ᠺᠧᠨ ᠳ᠋ᠦᠢ ᠪᠠᠯᠭᠠᠰᠤᠨ ᠤ ᠬᠤᠤ ᠮᠦᠸᠧ ᠼᠦᠨ ᠲᠣᠰᠬᠤᠨ ᠤ ᠲᠡᠵᠢᠭᠡᠨ ᠦᠷᠡᠵᠢᠭᠦᠯᠬᠦ ᠲᠠᠯᠠᠪᠠᠢ ᠳᠤ ᠣᠷᠣᠬᠤ ᠳᠤ᠂ ᠮᠥᠷ ᠮᠥᠷ ᠲᠡᠷᠢ ᠲᠡᠭᠰᠢ ᠦᠬᠡᠷ ᠤᠨ ᠬᠠᠰᠢᠶ᠎ᠠ ᠨᠢ ᠲᠡᠷᠢ ᠲᠡᠭᠰᠢ ᠪᠠᠶᠢᠵᠤ᠂ ᠦᠬᠡᠷ ᠤᠨ ᠬᠠᠰᠢᠶᠠᠨ ᠤ ᠦᠬᠡᠷ ᠨᠢ ᠲᠥᠪ ᠶᠡᠬᠡᠮᠰᠦᠭ᠂ ᠰᠢᠨ᠎ᠡ ᠰᠣᠷᠭᠤᠭ ᠡᠪᠡᠰᠦ ᠪᠣᠷᠳᠤᠭ᠎ᠠ ᠵᠠᠵᠢᠯᠵᠤ᠂ ᠪᠠᠶᠢᠨ ᠪᠠᠶᠢᠨ ᠦᠬᠡᠷ ︽ᠮᠥᠭᠡᠷᠡᠵᠦ᠂ ᠮᠥᠭᠡᠷᠡᠬᠦ︾ ᠳᠠᠭᠤᠨ ᠰᠣᠨᠣᠰᠳᠠᠨ᠎ᠠ᠃ ᠲᠡᠵᠢᠭᠡᠨ ᠦᠷᠡᠵᠢᠭᠦᠯᠬᠦ ᠲᠠᠯᠠᠪᠠᠢ ᠶᠢᠨ ᠬᠤᠯᠠ ᠪᠤᠰᠤ ᠭᠠᠵᠠᠷ ᠲᠤ᠂ ᠱᠠᠩᠳᠤ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠨᠠᠮ ᠤᠨ ᠭᠡᠰᠢᠭᠦᠨ ᠤ ᠦᠢᠯᠡᠴᠢᠯᠡᠭᠡᠨ ᠤ ᠠᠩᠬᠢ ᠶᠢᠨ ᠭᠡᠰᠢᠭᠦᠳ ᠥᠨᠳᠥᠷ ᠮᠠᠨᠳᠤᠭᠤᠯᠵᠤ ᠲᠡᠵᠢᠭᠡᠯ ᠪᠣᠷᠳᠣᠭᠠᠨ ᠤ ᠮᠠᠰᠢᠨ ᠤ ᠱᠤᠭᠤᠮ ᠳᠤ ᠪᠠᠶᠢᠴᠠᠭᠠᠯᠲᠠ ᠬᠢᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠴᠠᠬᠢᠯᠭᠠᠨ ᠬᠡᠷᠡᠭᠯᠡᠬᠦ ᠳᠤ ᠨᠠᠶᠢᠳᠠᠪᠤᠷᠢᠲᠠᠢ ᠪᠠᠲᠤᠯᠠᠭ᠎ᠠ ᠬᠠᠩᠭᠠᠵᠤ ᠪᠠᠶᠢᠯ᠎ᠠ᠃    ︽ᠠᠬ᠎ᠠ ᠡ᠂ ᠡᠨᠡᠬᠦ ᠬᠡᠮᠬᠡᠯᠬᠦ ᠮᠠᠰᠢᠨ ᠤ ᠴᠠᠬᠢᠯᠭᠠᠨ ᠮᠠᠰᠢᠨ ᠢ ᠡᠷᠬᠡᠪᠰᠢ ᠬᠡᠷᠡᠭᠯᠡᠬᠦ ᠬᠡᠷᠡᠭᠲᠡᠢ᠂ ᠬᠡᠷᠡᠭ ᠲᠤ ᠭᠠᠮᠲᠠᠢ ᠪᠠᠢᠯᠭᠠᠬᠤ ᠦᠭᠡᠢ ᠪᠠᠷ ᠴᠠᠬᠢᠯᠭᠠᠨ ᠬᠡᠷᠡᠭᠯᠡᠬᠦ ᠳᠡᠭᠡᠨ ᠰᠠᠨᠠᠭ᠎ᠠ ᠠᠮᠤᠷ ᠬᠡᠷᠡᠭᠯᠡᠬᠦ ᠦᠭᠡᠢ ᠪᠣᠯ ᠪᠣᠯᠬᠤ ᠦᠭᠡᠢ᠃ ᠡᠳᠦᠷ ᠲᠤᠲᠤᠮ ᠤᠨ ᠠᠵᠢᠯᠯᠠᠬᠤ ᠦᠶ᠎ᠡ ᠳᠤ ᠢᠯᠡᠭᠦᠬᠡᠨ ᠠᠩᠬᠠᠷᠬᠤ ᠬᠡᠷᠡᠭᠲᠡᠶ᠂ ᠶᠠᠮᠠᠷ ᠠᠰᠠᠭᠤᠳᠠᠯ ᠪᠠᠶᠢᠪᠠᠯ ᠴᠠᠭ ᠲᠤᠬᠠᠶ ᠳᠤᠨᠢ ᠪᠢᠳᠡᠨ ᠲᠠᠢ ᠬᠠᠷᠢᠯᠴᠠᠬᠤ ᠬᠡᠷᠡᠭᠲᠡᠶ᠃ ᠪᠠᠭᠤᠵᠤ ᠥᠭᠬᠦ ᠠᠩᠬᠢ ᠶᠢᠨ ᠴᠠᠬᠢᠯᠭᠠᠨ ᠬᠠᠩᠭᠠᠬᠤ ᠭᠠᠵᠠᠷ ᠤᠨ ᠨᠠᠮ ᠤᠨ ᠭᠡᠰᠢᠭᠦᠨ ᠤ ᠦᠢᠯᠡᠴᠢᠯᠡᠭᠡ ᠬᠠᠩᠭᠠᠬᠤ ᠠᠩᠬᠢ ᠶᠢᠨ ᠭᠡᠰᠢᠭᠦᠨ ᠥᠨᠳᠥᠷ ᠮᠠᠨᠳᠤᠭᠤᠯᠤᠨ ᠳ᠋ᠢᠩ ᠢ ᠥᠭᠭᠦᠭᠰᠡᠨ ᠶᠤᠮ᠃    ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠠᠲᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤᠨ ᠤ ᠬᠤᠤ ᠮᠦᠸᠧ ᠲᠣᠰᠬᠤᠨ ᠤ ᠠᠷᠠᠳ ᠮᠥᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠤᠷᠢᠶᠠᠯᠠᠭ᠎ᠠ ᠳᠣᠤᠷ᠎ᠠ᠂ ᠲᠡᠷᠡ ᠬᠠᠨᠴᠤᠶ ᠶᠢ ᠣᠷᠢᠶᠠᠨ ᠦᠬᠡᠷ ᠲᠡᠵᠢᠭᠡᠵᠦ᠂ ᠠᠩᠬᠠᠨ ᠤ 5 ᠦᠬᠡᠷ ᠠᠴᠠ 230 ᠲᠣᠯᠣᠭᠠᠶ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠪᠣᠯᠲᠠᠯ᠎ᠠ ᠥᠷᠭᠡᠳᠬᠡᠪᠡ᠃ ᠣᠳᠣ ᠦᠶ᠎ᠡ ᠶᠢᠨ ᠲᠡᠵᠢᠭᠡᠨ ᠦᠷᠡᠵᠢᠭᠦᠯᠬᠦ ᠲᠠᠯᠠᠪᠠᠢ ᠪᠣᠯ ᠴᠠᠬᠢᠯᠭᠠᠨ ᠣᠯᠠᠨ ᠬᠡᠷᠡᠭᠯᠡᠬᠦ ᠲᠠᠯᠠᠪᠤᠷ ᠪᠣᠯᠬᠤᠷ ᠡᠪᠡᠰᠦ ᠬᠡᠷᠴᠢᠬᠦ᠂ ᠵᠢᠭᠤᠷᠠᠬᠤ ᠠᠴᠠ ᠠᠪᠤᠭᠠᠳ ᠲᠡᠵᠢᠭᠡᠬᠦ᠂ ᠬᠦᠷᠢᠶ᠎ᠡ ᠴᠡᠪᠡᠷᠯᠡᠬᠦ ᠬᠦᠷᠲᠡᠯ᠎ᠡ ᠪᠦᠷ ᠴᠠᠬᠢᠯᠭᠠᠨ ᠬᠦᠴᠦᠨ ᠤ ᠪᠠᠲᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠡᠭᠦᠨ ᠤ ᠲᠤᠯᠠᠳᠠ᠂ ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠤᠬᠠᠢ ᠶᠢᠨ ᠭᠠᠵᠠᠷ ᠤᠨ ᠮᠠᠯ ᠠᠵᠤ ᠠᠬᠤᠢ ᠶᠢᠨ ᠬᠥᠭᠵᠢᠯᠲᠡ ᠳᠤ ᠪᠦᠬᠦ ᠬᠦᠴᠦᠨ ᠢᠶᠠᠷ ᠢᠶᠠᠨ ᠦᠢᠯᠡᠴᠢᠯᠡᠪᠡ᠃ ᠰᠢᠨ᠎ᠡ ᠪᠠᠶᠢᠳᠠᠯ ᠳᠣᠤᠷᠠᠬᠢ ᠬᠥᠳᠡᠭᠡ ᠲᠣᠰᠬᠤᠨ ᠤ ᠴᠠᠬᠢᠯᠭᠠᠨ ᠬᠡᠷᠡᠭᠯᠡᠬᠦ ᠰᠢᠨ᠎ᠡ ᠬᠡᠷᠡᠭᠴᠡᠭᠡ ᠳᠤ ᠴᠢᠭᠯᠡᠭᠦᠯᠦᠨ᠂ ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ᠴᠠᠬᠢᠯᠭᠠᠨ ᠬᠠᠩᠭᠠᠬᠤ ᠦᠢᠯᠡᠴᠢᠯᠡᠭᠡ ᠪᠠᠨ ᠭᠦᠨᠵᠡᠭᠡᠶᠢᠷᠡᠭᠦᠯᠬᠦ᠂ ᠴᠠᠬᠢᠯᠭᠠᠨ ᠬᠠᠩᠭᠠᠬᠤ ᠦᠢᠯᠡᠴᠢᠯᠡᠭᠡ ᠪᠠᠨ ᠲᠠᠰ ᠳᠡᠪᠰᠢᠭᠦᠯᠦᠨ ᠥᠭᠡᠷᠡᠴᠢᠯᠡᠬᠦ ᠪᠠᠷ ᠳᠠᠮᠵᠢᠭᠤᠯᠤᠨ᠂ ᠴᠠᠬᠢᠯᠭᠠᠨ ᠬᠠᠩᠭᠠᠬᠤ ᠦᠢᠯᠡᠴᠢᠯᠡᠭᠡ ᠪᠠᠨ ᠴᠠᠭ ᠲᠤᠬᠠᠶ ᠳᠤᠨᠢ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠴᠣᠩᠬᠤ ᠪᠠᠨ ᠵᠣᠴᠢᠨ ᠡᠷᠦᠬᠡ ᠶᠢᠨ ᠡᠭᠦᠳᠡᠨ ᠳᠤ ᠰᠢᠯᠵᠢᠭᠦᠯᠵᠦ᠂ ᠰᠠᠨᠠᠭᠠᠴᠢᠯᠠᠭ᠎ᠠ ᠠᠴᠠ ᠪᠠᠨ ᠲᠡᠵᠢᠭᠡᠨ ᠦᠷᠡᠵᠢᠭᠦᠯᠬᠦ ᠡᠷᠦᠬᠡ ᠲᠠᠢ ᠵᠣᠯᠭᠠᠭᠤᠯᠬᠤ ᠵᠡᠷᠭᠡ ᠲᠠᠢ ᠵᠣᠯᠭᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠦᠢᠯᠡᠳᠪᠦᠷᠢᠯᠡᠯ ᠤᠨ ᠬᠡᠪᠴᠢᠶ᠎ᠡ ᠶᠢ ᠤᠶᠢᠯᠠᠭᠠᠨ᠂ ᠲᠡᠵᠢᠭᠡᠨ ᠦᠷᠡᠵᠢᠭᠦᠯᠬᠦ ᠦᠢᠯᠡᠰ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠬᠠᠩᠭᠠᠵᠤ᠂ ᠲᠡᠵᠢᠭᠡᠨ ᠦᠷᠡᠵᠢᠭᠦᠯᠬᠦ ᠦᠢᠯᠡᠰ ᠲᠤ ︽ᠴᠡᠭ ᠠᠴᠠ ᠴᠡᠭ ᠲᠤ ᠬᠥᠷᠬᠦ︾ ︽ᠨᠢᠭᠡ ᠳᠤ ᠨᠢᠭᠡ ᠶᠢ ᠬᠠᠷᠭᠤᠭᠤᠯᠬᠤ︾ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ ᠲᠠᠶᠢᠰᠠᠨ ᠲᠣᠭᠤᠷᠢᠭ ᠤᠨ ᠳᠠᠭᠠᠭᠠᠮᠠᠯ ᠤᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠳᠠᠪᠠᠭᠤᠯᠢᠭ ᠢ ᠢᠳᠡᠪᠬᠢᠲᠡᠢ ᠪᠠᠳᠠᠷᠠᠭᠤᠯᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠵᠠᠭᠪᠤᠷ ᠢᠶᠠᠷ ᠳᠠᠮᠵᠢᠭᠤᠯᠤᠨ᠂ ᠴᠠᠬᠢᠯᠭᠠᠨ ᠬᠠᠩᠭᠠᠬᠤ ᠺᠣᠮᠫᠠᠨᠢ ᠪᠣᠯᠤᠨ ᠲᠡᠵᠢᠭᠡᠨ ᠦᠷᠡᠵᠢᠭᠦᠯᠬᠦ ᠡᠷᠦᠬᠡ ᠶᠢᠨ ᠬᠤᠣᠰ ᠴᠢᠭᠯᠡᠯ ᠢᠶᠠᠷ ᠨᠡᠪᠲᠡᠷᠡᠯᠴᠡᠬᠦ ᠠᠷᠭ᠎ᠠ ᠵᠠᠮ ᠢ ᠥᠷᠭᠡᠳᠬᠡᠵᠦ᠂ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠳᠠᠬᠢ ᠴᠠᠬᠢᠯᠭᠠᠨ ᠬᠡᠷᠡᠭᠯᠡᠬᠦ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠡᠵᠢᠭᠡᠨ ᠦᠷᠡᠵᠢᠭᠦᠯᠬᠦ ᠬᠦᠷᠢᠶ᠎ᠡ ᠬᠠᠰᠢᠶ᠎ᠠ ᠨᠢᠭᠡᠪᠦᠷᠢ ᠶᠢᠨ ᠴᠠᠬᠢᠯᠭᠠᠨ ᠬᠡᠷᠡᠭᠯᠡᠬᠦ ᠪᠠᠶᠢᠳᠠᠯ ᠢ ᠬᠤᠷᠤᠭᠤ ᠰᠢᠭᠦᠷ ᠮᠡᠲᠦ ᠪᠠᠲᠤᠯᠠᠵᠤ᠂ ᠴᠠᠬᠢᠯᠭᠠᠨ ᠬᠦᠴᠦᠨ ᠢ ᠱᠠᠩᠳᠤ ᠰᠢᠶᠠᠨ ᠤ ᠦᠬᠡᠷ ᠬᠤᠨᠢ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠬᠠᠮᠤᠭ ᠤᠨ ᠪᠠᠲᠤ ᠪᠠᠬᠢ ᠰᠠᠭᠤᠷᠢ ᠬᠡᠢ ᠪᠣᠯᠭᠠᠬᠤ ᠶᠢ ᠪᠠᠲᠤᠯᠠᠪᠠ᠃ ᠡᠳᠦᠭᠡ᠂ ᠭᠦᠢᠴᠡᠳ ᠴᠠᠬᠢᠯᠭᠠᠨ ᠬᠦᠴᠦᠨ ᠤ ᠲᠤᠯᠭᠠᠭᠤᠷᠢᠯᠠᠯ ᠳᠣᠤᠷ᠎ᠠ᠂ ᠥᠨᠳᠥᠷ ᠮᠠᠨᠳᠤᠭᠤᠯᠬᠤ ᠲᠠᠢ ᠠᠳᠠᠯᠢ ᠪᠠᠷ ᠲᠣᠰᠬᠤᠨ ᠤ 60% ᠶᠢᠨ ᠲᠣᠰᠬᠤᠨ ᠤ ᠠᠷᠠᠳ ᠲᠡᠵᠢᠭᠡᠨ ᠦᠷᠡᠵᠢᠭᠦᠯᠬᠦ ᠦᠶ᠋ᠯᠡᠰ ᠬᠥᠭᠵᠢᠭᠦᠯᠵᠦ ᠪᠠᠶᠢᠨ᠎ᠠ᠂ ᠲᠡᠵᠢᠭᠡᠵᠦ ᠪᠠᠶᠢᠭ᠎ᠠ ᠦᠬᠡᠷ ᠪᠣᠯ ᠴᠥᠮ ᠪᠠᠶᠢᠭᠠᠯᠢ ᠶᠢᠨ ᠲᠡᠵᠢᠭᠡᠯ ᠪᠣᠷᠳᠤᠭ᠎ᠠ ᠪᠣᠯᠬᠤᠷ ᠲᠡᠳᠡᠨ ᠤ ᠲᠣᠰᠬᠤᠨ ᠤ ᠦᠬᠡᠷ ᠤᠨ ᠮᠢᠬ᠎ᠠ ᠶᠢ ᠪᠡᠭᠡᠵᠢᠩ᠂ ᠲᠢᠶᠠᠨᠵᠢᠨ ᠵᠡᠷᠭᠡ ᠭᠠᠵᠠᠷ ᠲᠤ ᠠᠯᠬᠤᠮ ᠠᠯᠬᠤᠮ ᠢᠶᠠᠷ ᠪᠣᠷᠣᠯᠠᠭᠤᠯᠵᠤ᠂ ᠴᠤᠯ ᠪᠠᠶᠢᠭᠠᠯᠢ ᠶᠢᠨ ᠴᠢᠨᠠᠷ ᠰᠠᠶᠢᠲᠠᠶ ᠦᠬᠡᠷ ᠤᠨ ᠮᠢᠬ᠎ᠠ ᠶᠢ ᠬᠠᠩᠭᠠᠵᠤ ᠳᠡᠶᠢᠯᠬᠦ ᠥᠬᠡᠶ ᠪᠣᠯᠵᠠᠶ᠃    ︽ᠲᠣᠰᠬᠤᠨ ᠳᠤ ᠡᠨᠡ ᠬᠤᠶᠠᠷ ᠵᠢᠯ ᠳᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠢᠷᠡᠭᠡᠳᠦᠶ ᠰᠠᠶᠢᠨ᠂ ᠠᠰᠢᠭ ᠣᠷᠣᠯᠭ᠎ᠠ ᠥᠨᠳᠥᠷ ᠪᠠᠶᠢᠨ᠎ᠠ᠂ ᠮᠢᠨᠦ ᠵᠢᠯ ᠪᠦᠷᠢ ᠶᠢᠨ ᠴᠡᠪᠡᠷ ᠠᠰᠢᠭ ᠣᠷᠣᠯᠭ᠎ᠠ 34 ᠲᠦᠮᠡᠨ ᠲᠥᠭᠦᠷᠢᠭ ᠣᠷᠴᠢᠮ ᠪᠠᠶᠢᠵᠤ᠂ ᠤᠯᠠᠮ ᠠᠴᠠ ᠤᠯᠠᠮ ᠣᠯᠠᠨ ᠲᠣᠰᠬᠤᠨ ᠤ ᠠᠷᠠᠳ ᠲᠡᠵᠢᠭᠡᠨ ᠦᠷᠡᠵᠢᠭᠦᠯᠬᠦ ᠦᠢᠯᠡᠰ ᠲᠤ ᠣᠷᠣᠪᠠᠯ᠂ ᠴᠠᠬᠢᠯᠭᠠᠨ ᠬᠠᠩᠭᠠᠬᠤ ᠠᠵᠤ ᠠᠬᠤᠶᠢᠯᠠᠯ ᠠᠴᠠ ᠰᠠᠯᠵᠤ ᠴᠢᠳᠠᠬᠤ ᠥᠬᠡᠶ᠂ ᠵᠥᠪᠬᠡᠨ ᠴᠠᠬᠢᠯᠭᠠᠨ ᠬᠦᠴᠦᠳᠡᠯ ᠲᠣᠭᠲᠠᠭᠤᠨ᠂ ᠬᠥᠳᠡᠯᠭᠡᠬᠦ ᠬᠦᠴᠦᠨ ᠭᠦᠢᠴᠡᠳ ᠪᠣᠯᠪᠠᠯ᠂ ᠮᠠᠨ ᠤ ᠲᠡᠵᠢᠭᠡᠨ ᠦᠷᠡᠵᠢᠭᠦᠯᠬᠦ ᠡᠷᠦᠬᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠤ ᠢᠲᠡᠭᠡᠯ ᠳᠦᠭᠦᠷᠡᠩ ᠪᠠᠶᠢᠨ᠎ᠠ︾ ᠭᠡᠵᠡᠶ᠃ ᠲᠠᠷᠭᠤ ᠬᠦᠴᠦ ᠰᠠᠶᠢᠲᠠᠢ ᠦᠬᠡᠷ ᠢ ᠬᠠᠷᠠᠭᠠᠳ᠂ ᠲᠦᠭᠦᠬᠡᠢ ᠮᠠᠲ᠋ᠧᠷᠢᠶᠠᠯ ᠭᠦᠢᠴᠡᠳ ᠠᠯᠠᠰᠢᠨ ᠦᠬᠡᠷ ᠤᠨ ︽ᠬᠦᠨᠡᠰᠦᠨ ᠠᠮᠤ︾ ᠵᠢᠴᠢ ᠲᠡᠵᠢᠭᠡᠨ ᠦᠷᠡᠵᠢᠭᠦᠯᠬᠦ ᠲᠥᠬᠦᠭᠡᠷᠦᠮᠵᠢ ᠨᠢ ᠪᠦᠷᠢᠨ ᠭᠦᠢᠴᠡᠳ ᠠᠦ᠋ᠲ᠋ᠣᠴᠢᠯᠠᠭᠰᠠᠨ ᠢᠵᠢ ᠪᠦᠷᠢᠳᠦᠭᠰᠡᠨ ︽ᠭᠡᠷ ᠪᠦᠯᠢ ᠶᠢᠨ ᠬᠤᠪᠴᠠᠰᠤ︾ ᠶᠢ ᠪᠠᠷᠠᠯᠠᠵᠤ᠂ ᠬᠦᠴᠢᠷ ᠢ ᠥᠨᠳᠥᠷ ᠮᠠᠨᠳᠤᠭᠤᠯᠵᠤ ᠳᠣᠭᠳᠣᠯᠤᠭᠰᠠᠨ ᠰᠡᠳᠬᠢᠯᠭᠡ ᠪᠠᠨ ᠳᠠᠷᠤᠵᠤ᠂ ᠦᠬᠡᠷ ᠲᠡᠵᠢᠭᠡᠬᠦ ᠡᠨᠡ ᠬᠦ ᠠᠵᠤ ᠦᠢᠯᠡᠰ ᠲᠤ ᠲᠦᠰᠢᠭᠯᠡᠵᠦ᠂ ᠠᠮᠢᠳᠤᠷᠠᠯ ᠳᠤ ᠢᠲᠡᠭᠡᠯ ᠲᠡᠭᠦᠯᠳᠡᠷ ᠪᠥᠭᠡᠳ ᠬᠦᠰᠡᠯ ᠡᠷᠡᠮᠡᠯᠵᠡᠯ ᠲᠠᠢ ᠪᠣᠯᠪᠠ᠃    ᠠᠵᠤ ᠠᠬᠤᠢ ᠶᠢᠨ ᠬᠥᠭᠵᠢᠯᠲᠦ ᠪᠠ ᠴᠠᠬᠢᠯᠭᠠᠨ ᠬᠦᠴᠦ ᠶᠢ ᠤᠷᠢᠳ ᠢᠶᠠᠷ ᠬᠡᠷᠡᠭᠵᠢᠭᠦᠯᠵᠦ᠃ ᠱᠠᠩᠳᠤ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠴᠠᠬᠢᠯᠭᠠᠨ ᠡᠨᠧᠷᠭᠢ᠂ ᠴᠢᠨᠠᠷ ᠰᠠᠶᠢᠲᠠᠶ ᠦᠢᠯᠡᠴᠢᠯᠡᠭᠡ ᠪᠠᠷ ᠲᠡᠵᠢᠭᠡᠨ ᠦᠷᠡᠵᠢᠭᠦᠯᠬᠦ ᠠᠵᠤ ᠦᠶ᠋ᠯᠡᠰ ᠤᠨ ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠵᠦ᠂ ᠮᠠᠯᠴᠢᠨ ᠲᠠᠷᠢᠶᠠᠴᠢᠨ ᠤ ᠲᠡᠵᠢᠭᠡᠨ ᠦᠷᠡᠵᠢᠭᠦᠯᠬᠦ ᠦᠶ᠋ᠯᠡᠰ ᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠪᠠᠲᠤᠯᠠᠵᠤ᠂ ︽ᠵᠢᠵᠢᠭ ᠠᠯᠠᠰᠢᠨ ᠦᠬᠡᠷ︾ ᠢᠶᠠᠷ ︽ᠲᠣᠮᠣ ᠠᠵᠤ ᠦᠶ᠋ᠯᠡᠰ︾ ᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ ᠥᠬᠡᠶ ︽ᠴᠠᠬᠢᠯᠭᠠᠨ ᠬᠥᠳᠡᠯᠭᠡᠬᠦ ᠡᠨᠧᠷᠭᠢ︾ ᠬᠠᠩᠭᠠᠵᠤ ᠪᠠᠶᠢᠨ᠎ᠠ᠃ ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2