ᠱᠢ ᠪᠠ ᠴᠢᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︽ᠬᠡᠪ ᠵᠠᠩᠰᠢᠯ ᠢ ᠥᠭᠡᠷᠡᠴᠢᠯᠡᠵᠦ ᠬᠠᠭᠤᠴᠢᠨ ᠶᠣᠰᠣ ᠪᠦᠳᠦᠭᠦᠯᠢᠭ ᠵᠠᠩᠰᠢᠯ ᠢ ᠠᠷᠢᠯᠭᠠᠬᠤ︾ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/5/21
  ᠬᠡᠪ ᠵᠠᠩᠰᠢᠯ ᠢ ᠥᠭᠡᠷᠡᠴᠢᠯᠡᠬᠦ ᠶᠢ ᠭᠦᠨᠵᠡᠭᠡᠢ ᠠᠬᠢᠭᠤᠯᠵᠤ᠂ ᠬᠠᠭᠤᠴᠢᠨ ᠶᠣᠰᠣ ᠪᠦᠳᠦᠭᠦᠯᠢᠭ ᠵᠠᠩ ᠳᠠᠳᠬᠠᠯ ᠢ ᠡᠪᠳᠡᠵᠦ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ 5 ᠰᠠᠷ᠎ᠠ ᠶᠢᠨ 7 ᠤ ᠡᠳᠦᠷ᠂ ᠱᠢ ᠪᠠ ᠴᠢᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠵᠠᠩ ᠳᠠᠳᠬᠠᠯ ᠢ ᠥᠭᠡᠷᠡᠴᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃    ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ᠂ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠪᠠᠶᠠᠷ ᠤᠨ ᠶᠠᠪᠤᠳᠠᠯ ᠢ ᠰᠢᠨ᠎ᠡ ᠪᠠᠷ ᠬᠢᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ᠂ ᠥᠨᠳᠥᠷ ᠦᠨ᠎ᠡ ᠪᠠᠷ ᠪᠣᠭᠤᠰᠬᠠᠨ ᠪᠡᠯᠡᠭ ᠢ ᠲᠡᠪᠴᠢᠬᠦ ᠶᠢᠨ ᠴᠢᠬᠤᠯᠠ ᠠᠴᠢ ᠬᠤᠯᠪᠣᠭᠳᠠᠯ ᠢ ᠤᠬᠠᠭᠤᠯᠵᠤ᠂ ᠤᠯᠠᠨ ᠢ ᠬᠥᠲᠥᠯᠥᠨ ᠵᠢᠯᠣᠭᠤᠳᠴᠤ ᠪᠠᠶᠢᠭᠠᠳ ᠬᠠᠭᠤᠴᠢᠨ ᠶᠣᠰᠣ ᠪᠦᠳᠦᠭᠦᠯᠢᠭ ᠵᠠᠩᠰᠢᠯ ᠢ ᠠᠷᠢᠯᠭᠠᠵᠤ᠂ ᠪᠦᠷᠢᠯᠭᠡᠨ ᠰᠦᠢᠳᠬᠡᠬᠦ᠂ ᠣᠷᠣᠰᠢᠭᠤᠯᠭ᠎ᠠ ᠶᠢ ᠬᠥᠩᠭᠡᠪᠴᠢᠯᠡᠬᠦ᠂ ᠨᠠᠶᠢᠷ ᠲᠠᠯ᠎ᠠ ᠪᠠᠷ ᠠᠳᠠᠯᠢᠳᠬᠠᠬᠤ ᠶᠢ ᠡᠰᠡᠷᠭᠦᠴᠡᠵᠦ᠂ ᠬᠡᠪ ᠵᠠᠩᠰᠢᠯ ᠢ ᠥᠭᠡᠷᠡᠴᠢᠯᠡᠬᠦ ᠦᠵᠡᠯᠲᠡ ᠶᠢ ᠬᠥᠮᠦᠨ ᠪᠦᠬᠦᠨ ᠤ ᠰᠡᠳᠬᠢᠯ ᠳᠤ ᠳᠠᠮᠵᠢᠭᠤᠯᠪᠠ᠃    ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠰᠠᠨᠠᠭᠠᠴᠢᠯᠠᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠣᠯᠭᠠᠬᠤ ᠬᠡᠷᠡᠭᠲᠡᠢ᠃ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠠᠵᠢᠯᠴᠢ ᠠᠷᠪᠢᠴᠢ ᠪᠠᠷ ᠠᠵᠤ ᠲᠥᠷᠥᠬᠦ᠂ ᠡᠶᠡᠯᠳᠡᠭ ᠬᠥᠷᠰᠢ ᠶᠢᠨ ᠨᠥᠬᠦᠷᠰᠡᠭ ᠤᠯᠠᠮᠵᠢᠯᠠᠯᠲᠤ ᠬᠡᠷ ᠪᠦᠯᠢ ᠶᠢᠨ ᠰᠠᠶᠢᠬᠠᠨ ᠰᠤᠷᠲᠠᠯ ᠢ ᠢᠳᠡᠪᠬᠢᠲᠡᠶ ᠪᠠᠳᠠᠷᠠᠭᠤᠯᠵᠤ᠂ ᠤᠷᠤᠭᠯᠠᠬᠤ ᠠᠴᠠ ᠣᠯᠭᠤᠭᠰᠠᠨ ᠬᠠᠷᠢᠭᠤᠴᠠᠯᠭ᠎ᠠ ᠪᠠ ᠡᠭᠦᠷᠭᠡ ᠶᠢ ᠬᠠᠮᠲᠤ ᠪᠠᠷ ᠡᠭᠦᠷᠭᠡᠯᠡᠵᠦ᠂ ᠡᠴᠢᠭᠡ ᠡᠬᠡ ᠪᠠᠨ ᠠᠴᠢᠯᠠᠨ᠂ ᠦᠷ᠎ᠡ ᠬᠡᠦᠬᠡᠳ ᠢᠶᠠᠨ ᠰᠤᠷᠭᠠᠨ ᠬᠥᠮᠦᠵᠢᠭᠦᠯᠵᠦ᠂ ᠬᠠᠷᠢᠯᠴᠠᠨ ᠬᠦᠨᠳᠦᠯᠡᠵᠦ ᠬᠠᠷᠢᠯᠴᠠᠨ ᠬᠠᠶᠢᠷᠠᠯᠠᠨ᠎ᠠ᠃    ᠲᠣᠰ ᠤᠳᠠᠭᠠᠨ ᠤ ᠠᠵᠢᠯᠯᠠᠭ᠎ᠠ ᠨᠢ ᠪᠣᠯᠪᠠᠰᠤᠨ ᠠᠷᠪᠢᠯᠠᠨ ᠭᠠᠮᠨᠠᠬᠤ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠣᠯᠠᠨ ᠲᠦᠮᠡᠨ ᠢ ᠦᠨᠡᠨ ᠬᠦ ᠬᠥᠲᠥᠯᠦᠨ ᠵᠢᠯᠣᠭᠤᠳᠴᠤ ᠪᠠᠶᠢᠭᠠᠳ ᠬᠠᠭᠤᠴᠢᠨ ᠶᠣᠰᠣ ᠪᠣᠯᠬᠢ ᠵᠠᠩᠰᠢᠯ ᠢ ᠤᠬᠠᠮᠰᠠᠷ ᠠᠴᠠ ᠪᠠᠨ ᠠᠷᠢᠯᠭᠠᠵᠤ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠬᠤ᠂ ᠪᠣᠯᠪᠠᠰᠤᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2