ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠭᠦᠸᠧ ᠸᠧᠨ᠂ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠵᠧᠨ ᠶᠠᠨ ᠨᠠᠷ ᠠᠲᠠᠷ ᠬᠠᠭᠠᠯᠪᠤᠷᠢᠯᠠᠯᠲᠠ ᠶᠢᠨ ᠠᠩᠭᠢ ᠶᠢᠨ ᠪᠠᠯᠭᠠᠰᠤᠨ ᠳᠤ ᠢᠷᠡᠵᠦ ᠠᠷᠠᠳ ᠤᠨ ᠶᠠᠪᠤᠳᠠᠯ ᠤᠨ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2024/5/21
   5 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠭᠦᠸᠧ ᠸᠧᠨ᠂ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠵᠧᠨ ᠶᠠᠨ ᠨᠠᠷ ᠠᠳᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤᠨ ᠤ ᠷᠤᠸᠠᠨ ᠵᠢᠶᠠ ᠲᠣᠰᠬᠤᠨ ᠳᠤ ᠬᠦᠷᠴᠦ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠤᠭᠰᠠᠨ᠂ ᠭᠡᠷᠡᠴᠢ ᠭᠠᠷᠭᠠᠭᠰᠠᠨ ᠵᠢᠴᠢ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃    ᠭᠠᠴᠠᠭᠠᠨ ᠤ ᠠᠷᠠᠳ ᠤᠨ ᠵᠥᠪᠯᠡᠯ ᠤᠨ ᠠᠵᠢᠯᠲᠠᠳ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠡᠷᠡᠭ ᠶᠠᠪᠤᠳᠠᠯ᠂ ᠲᠣᠭᠲᠠᠴᠠ ᠶᠢᠨ ᠫᠠᠶᠢᠰᠠ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠭᠡᠷᠡᠴᠢᠯᠡᠬᠦ ᠵᠦᠢᠯᠡᠰ ᠤᠨ ᠠᠵᠢᠯ ᠤᠨ ᠪᠠᠶᠢᠳᠠᠯ ᠢ ᠲᠠᠨᠢᠯᠴᠠᠭᠤᠯᠪᠠ᠃    ᠳᠠᠷᠠᠭ᠎ᠠ ᠨᠢ᠂ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠵᠧᠨ ᠶᠠᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠢᠴᠡᠳᠬᠡᠬᠦ ᠪᠠ ᠳᠠᠬᠢᠨ ᠬᠢᠨᠠᠬᠤ ᠵᠢᠷᠤᠮ ᠤᠨ ᠲᠤᠬᠠᠶ ᠨᠠᠷᠢᠨ ᠲᠠᠶᠢᠯᠤᠮᠵᠢ ᠬᠢᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠭᠦᠸᠧ ᠸᠧᠨ ᠠᠷᠠᠳ ᠤᠨ ᠶᠠᠪᠤᠳᠠᠯ ᠤᠨ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2