ᠱᠠᠩᠳᠤ ᠰᠢᠶᠠᠨ 2024 ᠣᠨ ᠤ ᠪᠥᠬᠦ ᠰᠢᠶᠠᠨ ᠤ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/5/22
  ᠪᠠᠰᠠ ᠨᠢᠭᠡ ᠵᠢᠯ ᠤᠨ ᠬᠠᠪᠤᠷ ᠡᠪᠡᠰᠦ ᠮᠣᠳᠣ ᠲᠠᠷᠢᠭᠰᠠᠨ ᠴᠠᠭ ᠪᠣᠯᠤᠨ᠎ᠠ᠃ 5 ᠰᠠᠷ᠎ᠠ ᠶᠢᠨ 7 ᠤ ᠡᠳᠦᠷ᠂ ᠱᠠᠩᠳᠤ ᠰᠢᠶᠠᠨ ︽ᠮᠣᠳᠣ ᠳᠠᠷᠢᠬᠤ ᠡᠭᠦᠷᠭᠡ ᠪᠠᠨ ᠭᠦᠢᠴᠡᠳᠭᠡᠵᠦ᠂ ᠦᠵᠡᠰᠬᠦᠯᠡᠩᠲᠦ ᠰᠠᠶᠢᠬᠠᠨ ᠱᠠᠩᠳᠤ ᠶᠢ ᠬᠠᠮᠲᠤ ᠪᠠᠷ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠭᠰᠠᠨ 2024 ᠣᠨ ᠤ ᠪᠥᠬᠦ ᠰᠢᠶᠠᠨ ᠤ ᠪᠠᠶᠢᠭᠤᠯᠭ᠎ᠠ ᠶᠢᠨ ᠺᠠᠳ᠋ᠷ ᠠᠵᠢᠯᠲᠠᠨ ᠠᠵᠢᠯᠴᠢᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃    ᠮᠣᠳᠣ ᠲᠠᠷᠢᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ︽3 · 1︾ ᠤ ᠳᠤᠭᠤᠶᠢᠯᠠᠩ ᠬᠤᠪᠢᠶᠠᠨ ᠬᠠᠮᠵᠢᠯᠴᠠᠵᠤ᠂ ᠵᠤᠯᠵᠠᠭ᠎ᠠ ᠮᠣᠳᠣ ᠶᠢ ᠵᠥᠭᠡᠭᠡᠪᠦᠷᠢᠯᠡᠬᠦ᠂ ᠴᠢᠬᠢ ᠶᠢ ᠲᠡᠳᠬᠦᠨ ᠴᠢᠬᠢ ᠵᠠᠶᠢᠯᠠᠬᠤ᠂ ᠰᠢᠷᠣᠢ ᠨᠡᠮᠡᠬᠦ᠂ ᠤᠰᠤᠯᠠᠬᠤ ᠵᠡᠷᠭᠡ ᠲᠠᠯ᠎ᠠ ᠪᠠᠷ ᠨᠠᠷᠢᠨ ᠬᠢᠨᠠᠮᠠᠭᠠᠢ ᠬᠢᠵᠦ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠮᠣᠳᠣ ᠲᠠᠷᠢᠬᠤ ᠦᠵᠡᠭᠳᠡᠯ ᠢᠯᠡᠷᠡᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 2200 ᠭᠠᠷᠤᠶ ᠵᠢᠭᠠᠷᠲᠤ ᠨᠠᠷᠠᠰᠤ᠂ ᠭᠠᠴᠤᠷ᠎ᠠ ᠵᠠᠶᠢᠯᠠᠵᠤ᠂ ᠨᠡᠶᠢᠲᠡ 50 ᠭᠠᠷᠤᠶ ᠮᠥ ᠳᠠᠷᠢᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ ᠬᠥᠮᠦᠨ ᠪᠦᠬᠦᠨ ᠨᠣᠭᠤᠭᠠᠷᠠᠭᠤᠯᠬᠤ ᠳᠤᠷᠠᠲᠠᠶ ᠨᠣᠭᠤᠭᠠᠷᠠᠭᠤᠯᠤᠯᠲᠠ ᠶᠢ ᠬᠠᠮᠠᠭᠠᠯᠠᠬᠤ᠂ ᠪᠣᠬᠢᠷᠲᠤᠯ ᠥᠬᠡᠶ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠰᠢᠶᠠᠨ ᠤ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠵᠤ ᠨᠣᠭᠤᠭᠠᠷᠠᠭᠤᠯᠬᠤ ᠥᠷᠨᠢᠯᠲᠡ ᠶᠢ ᠪᠣᠶ ᠪᠣᠯᠭᠠᠪᠠ᠃    ᠱᠠᠩᠳᠤ ᠰᠢᠶᠠᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠷᠧᠨ ᡁᠢ ᠵᠥᠩ᠄ ︽ᠮᠣᠳᠣ ᠲᠠᠷᠢᠵᠤ ᠣᠶᠢᠵᠢᠭᠤᠯᠤᠨ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠲᠤᠰᠠ ᠲᠠᠢ ᠶᠤᠮ᠃ ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠪᠠᠷ ᠳᠠᠮᠵᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠎ᠡ᠃ ᠥᠷᠭᠡᠨ ᠣᠯᠠᠨ ᠠᠷᠠᠳ ᠲᠦᠮᠡᠨ ᠢᠳᠡᠪᠬᠢᠲᠡᠶ ᠬᠥᠳᠡᠯᠦᠯᠴᠡᠵᠦ᠂ ᠣᠶ ᠶᠢ ᠬᠠᠶᠢᠷᠠᠯᠠᠵᠤ ᠣᠶ ᠰᠢᠭᠤᠶ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠥᠷᠭᠡᠨ ᠳᠡᠯᠭᠡᠷ ᠭᠦᠨᠵᠡᠭᠡᠶ ᠥᠷᠨᠢᠭᠦᠯᠵᠦ᠂ ᠦᠵᠡᠰᠬᠦᠯᠡᠩᠲᠦ ᠰᠠᠶᠢᠬᠠᠨ ᠱᠠᠩᠳᠤ ᠶᠢᠨ ᠪᠣᠬᠢᠷᠲᠤᠯ ᠥᠬᠡᠶ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠬᠦᠰᠡᠵᠦ ᠪᠠᠶᠢᠨ᠎ᠠ︾ ᠭᠡᠵᠡᠶ᠃    ︽ᠥᠨᠥᠳᠦᠷ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠳᠤ ᠪᠢ ᠲᠦᠢᠯ ᠤᠨ ᠤᠳᠬ᠎ᠠ ᠠᠭᠤᠯᠭ᠎ᠠ ᠲᠠᠢ ᠰᠠᠨᠠᠭᠳᠠᠵᠤ ᠪᠠᠶᠢᠨ᠎ᠠ᠂ ᠪᠢᠳᠡ ᠬᠠᠷᠠᠬᠠᠨ ᠪᠠᠭ᠎ᠠ ᠠᠴᠠ ᠪᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠪᠡᠶ᠎ᠡ ᠪᠠᠷ ᠢᠶᠠᠨ ᠣᠷᠴᠢᠨ ᠲᠣᠭᠤᠷᠢᠨ ᠢ ᠬᠠᠮᠠᠭᠠᠯᠠᠵᠤ ᠪᠠᠶᠢᠨ᠎ᠠ︾ ᠭᠡᠵᠦ ᠱᠠᠩᠳᠦ ᠰᠢᠶᠠᠨ ᠤ 3 ᠳ᠋ᠦ᠋ᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠵᠠᠩ ᠵᠢᠶᠠ ᠯᠧ ᠬᠡᠯᠡᠪᠡ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2