ᠱᠠᠩᠳᠤ ᠰᠢᠶᠠᠨ ᠦᠨᠳᠦᠰᠦᠨ ᠱᠠᠲᠤᠨ ᠤ ᠬᠥᠳᠡᠯᠮᠦᠷᠢ ᠪᠠᠲᠤᠯᠠᠭ᠎ᠠ ᠶᠢᠨ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/5/22
  ᠤᠯᠠᠭᠠᠨᠴᠠᠪ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠱᠠᠩᠳᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠂ 5 ᠰᠠᠷ᠎ᠠ ᠶᠢᠨ 9 ᠤ ᠡᠳᠦᠷ᠂ ᠱᠠᠩᠳᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠪᠥᠬᠦ ᠰᠢᠶᠠᠨ ᠤ ᠦᠨᠳᠦᠰᠦᠨ ᠱᠠᠲᠤᠨ ᠤ ᠬᠥᠳᠡᠯᠮᠦᠷᠢ ᠪᠠᠲᠤᠯᠠᠭ᠎ᠠ ᠶᠢᠨ ᠲᠤᠰᠠᠯᠠᠭᠴᠢ ᠶᠢ ᠲᠥᠪᠯᠡᠷᠡᠭᠦᠯᠦᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠪᠡ᠃    ᠪᠣᠯᠪᠠᠰᠤᠷᠠᠯ ᠤᠨ ᠠᠩᠭᠢ ᠳᠤ᠂ ᠠᠵᠢᠯᠲᠠᠳ ᠥᠪᠥᠷ ᠮᠣᠩᠭᠤᠯ ᠤᠨ ᠰᠢᠯᠵᠢᠮᠡᠯ ᠦᠵᠦᠭᠦᠷ ᠤᠨ ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠴᠤᠭᠯᠠᠭᠤᠯᠬᠤ ᠰᠢᠰᠲ᠋ᠧᠮ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠰᠠᠭᠤᠷᠢ ᠠᠵᠢᠯ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃    ᠲᠣᠰ ᠤᠳᠠᠭᠠᠨ ᠤ ᠪᠣᠯᠪᠠᠰᠤᠷᠠᠭᠤᠯᠤᠯ ᠰᠤᠷᠤᠯᠴᠠᠯᠭ᠎ᠠ ᠪᠠᠷ ᠳᠡᠮᠵᠢᠨ᠂ ᠮᠠᠨ ᠤ ᠰᠢᠶᠠᠨ ᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠵᠢᠴᠢ ᠲᠤᠰᠠᠯᠠᠭᠴᠢ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠴᠤᠭᠯᠠᠭᠤᠯᠵᠤ ᠣᠷᠣᠭᠤᠯᠬᠤ ᠰᠢᠰᠲ᠋ᠧᠮ ᠤᠨ ᠠᠬᠢᠴᠠ ᠶᠢ ᠲᠦᠷᠭᠡᠳᠬᠡᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃    ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠬᠥᠳᠡᠯᠮᠦᠷᠢ ᠪᠠᠲᠤᠯᠠᠭ᠎ᠠ ᠶᠢᠨ ᠲᠤᠰᠠᠯᠠᠭᠴᠢ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠪᠦᠬᠦ ᠠᠵᠢᠯᠳᠠᠨ 200 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ ᠵᠢᠯᠣᠭᠤᠳᠤᠨ ᠪᠣᠯᠪᠠᠰᠤᠷᠠᠭᠤᠯᠪᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2