ᠢᠳᠡᠰᠢᠨ ᠨᠤᠭᠤᠭ᠎ᠠ ᠶᠢᠨ ᠳᠡᠯᠡᠪᠡᠢ ᠨᠡᠶᠢᠭᠡᠮ ᠲᠤᠭᠤᠷᠢᠭ ᠨᠢ ︽ᠡᠬᠡ ᠤᠯᠤᠰ ᠤᠨ ᠢᠶᠠᠨ ᠢᠷᠠᠭᠤ ᠠᠯᠳᠠᠷ ᠬᠢᠯᠠᠯᠵᠠᠭᠤᠯᠤᠨ ᠭᠡᠷᠡᠯᠳᠦᠬᠦᠯᠵᠦ᠂ ᠡᠶᠡᠯᠳᠡᠭ ᠳᠤᠲᠤᠨᠤ ᠳᠡᠮᠳᠡᠭᠯᠡᠯ ᠲᠠᠢ ᠴᠠᠭ ᠮᠦᠴᠡ ᠶᠢ ᠳᠡᠮᠳᠡᠭᠯᠡᠶ᠎ᠡ︾ ᠭᠡᠬᠦ ᠡᠬᠡᠴᠦᠤᠯ ᠤᠨ ᠪᠠᠶᠠᠷ ᠤᠨ ᠪᠢᠴᠢᠯ ᠬᠦᠰᠡᠯ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/5/22
   ᠵᠢᠯ ᠪᠦᠷᠢ ᠶᠢᠨ 5 ᠰᠠᠷ᠎ᠠ ᠶᠢᠨ ᠬᠤᠶᠠᠳᠤᠭᠠᠷ ᠭᠠᠷᠠᠭ ᠤᠨ ᠡᠳᠦᠷ ᠪᠣᠯ ᠡᠬᠡ ᠪᠠᠨ ᠬᠦᠨᠳᠦᠯᠡᠬᠦ ᠠᠭᠤᠷ ᠠᠮᠢᠰᠬᠤᠯ ᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ 5 ᠰᠠᠷ᠎ᠠ ᠶᠢᠨ 10 ᠤ ᠡᠳᠦᠷ᠂ ᠢᠳᠡᠰᠢᠨ ᠨᠣᠭᠤᠭᠠᠨ ᠤ ᠲᠠᠯᠠᠪᠠᠢ ᠨᠡᠶᠢᠭᠡᠮ ᠲᠣᠭᠤᠷᠢᠭ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠢᠴᠢ ᠳᠣᠷᠣᠨᠠᠳᠠᠬᠢᠨ ᠤ ᠰᠢᠨ᠎ᠡ ᠪᠡᠷᠢ ᠶᠢᠨ ᠬᠤᠷᠢᠮ ᠤᠨ ᠰᠣᠶᠣᠯ ᠤᠨ ᠵᠠᠭᠤᠴᠢᠯᠠᠭᠤᠷ ᠲᠠᠢ ᠬᠠᠮᠲᠤᠷᠠᠨ ᠨᠡᠶᠢᠭᠡᠮ ᠲᠣᠭᠤᠷᠢᠭ ᠤᠨ ᠠᠵᠢᠯᠯᠠᠭᠠᠨ ᠤ ᠶᠡᠭᠡ ᠲᠢᠩᠬᠢᠮ ᠳᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠵᠢᠴᠢ ︽ᠡᠬᠡ ᠶᠢᠨ ᠢᠶᠠᠨ ᠬᠠᠶᠢᠷ᠎ᠠ ᠶᠢᠨ ᠭᠡᠷᠡᠯ ᠰᠠᠴᠤᠷᠠᠩᠭᠤᠶ ᠪᠠᠶᠢᠵᠤ᠂ ᠡᠶᠡᠯᠳᠡᠭ ᠵᠥᠭᠡᠯᠡᠨ ᠴᠠᠭ ᠮᠥᠴᠡ ᠶᠢ ᠲᠡᠮᠳᠡᠭᠯᠡᠨ᠎ᠡ︾ ᠬᠦᠳᠡᠯᠭᠡᠭᠡᠨ ᠦᠷᠨᠢᠭᠦᠯᠪᠠ᠃    ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠪᠥᠵᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠡᠵᠢ ᠨᠠᠷ ᠣᠯᠠᠨ ᠳᠤ ᠲᠡᠳᠡᠨ ᠤ ᠨᠠᠷᠢᠨ ᠨᠢᠮᠪᠠᠶ ᠪᠡᠯᠡᠳᠬᠡᠭᠰᠡᠨ ᠭᠤᠶᠢᠳᠠ ᠰᠠᠶᠢᠬᠠᠨ ᠪᠥᠵᠢᠭ ᠢ ᠠᠪᠴᠢᠷᠠᠵᠤ᠂ ᠡᠵᠢ ᠳᠡᠭᠡᠨ ᠺᠠᠩ ᠨᠠᠢ ᠰᠢᠨ᠂ ᠡᠵᠢ ᠪᠠᠨ ᠳᠠᠭᠤᠯᠠᠬᠤ ᠵᠡᠷᠭᠡ ᠪᠠᠷ ᠳᠠᠮᠵᠢᠭᠤᠯᠤᠨ᠂ ᠨᠢᠭᠡᠨ ᠶᠡᠭᠡ ᠭᠡᠷ ᠪᠦᠯᠢ ᠶᠢ ᠬᠠᠶᠢᠷᠠᠯᠠᠵᠤ ᠂ ᠠᠴᠢ ᠶᠢ ᠪᠠᠶᠠᠰᠬᠠᠬᠤ ᠵᠢᠷᠤᠭ ᠳᠦᠷᠰᠦ ᠲᠠᠢ ᠪᠠᠶᠢᠯ᠎ᠠ᠃    ᠭᠡᠷᠡᠯ ᠵᠢᠷᠤᠭ ᠨᠢ ᠮᠠᠰᠢ ᠣᠯᠠᠨ ᠣᠢ ᠰᠠᠨᠠᠮᠵᠢ ᠶᠢ ᠲᠡᠭᠡᠭᠡᠵᠦ ᠪᠤᠢ᠃ ᠭᠡᠪᠡᠴᠦ ᠵᠠᠷᠢᠮ ᠬᠠᠭᠤᠴᠢᠨ ᠭᠡᠷᠡᠯ ᠵᠢᠷᠤᠭ᠂ ᠴᠠᠭ ᠦᠶ᠎ᠡ ᠶᠢᠨ ᠤᠬᠢᠶᠠᠯᠲᠠ ᠶᠢᠨ ᠳᠠᠭᠠᠤ ᠥᠩᠭᠡ ᠤᠨᠠᠬᠤ ᠲᠤᠲᠤᠮ ᠪᠠᠯᠠᠷᠬᠠᠢ ᠪᠣᠯᠵᠤ ᠪᠠᠢᠨ᠎ᠠ᠃ ᠢᠮᠦ ᠠᠴᠠ ᠨᠣᠭᠤᠭᠠᠨ ᠤ ᠲᠠᠯᠠᠪᠠᠢ ᠨᠡᠢᠭᠡᠮ ᠲᠣᠭᠤᠷᠢᠭ ᠠᠴᠠ ᠪᠦᠬᠦ ᠤᠯᠤᠰ ᠤᠨ ᠲᠣᠮᠣ ᠬᠡᠯᠪᠡᠷᠢ ᠶᠢᠨ ᠨᠡᠢᠲᠡ ᠶᠢᠨ ᠠᠰᠠᠷᠠᠮᠵᠢ ᠶᠢᠨ ︽ᠵᠢᠯ ᠤᠨ ᠳᠠᠭᠤᠨ︾ ᠭᠡᠷᠡᠯ ᠵᠢᠷᠤᠭ ᠤᠨ ᠳᠤᠭᠤᠢᠯᠠᠩ ᠢ ᠤᠷᠢᠵᠤ ᠣᠯᠠᠨ ᠳᠤ ᠬᠠᠭᠤᠴᠢᠨ ᠭᠡᠷᠡᠯ ᠵᠢᠷᠤᠭ ᠢ ᠵᠠᠰᠠᠨ ᠥᠭᠴᠦ᠂ ᠰᠠᠷ᠎ᠠ ᠶᠢᠨ ᠤᠯᠠ ᠮᠥᠷ ᠢ ᠳᠠᠬᠢᠨ ᠥᠩᠭᠡ ᠭᠡᠷᠡᠯ ᠨᠡᠮᠡᠷᠢᠯᠡᠪᠡ᠃ ᠭᠡᠷᠡᠯ ᠵᠢᠷᠤᠭ ᠤᠨ ᠳᠤᠭᠤᠶᠢᠯᠠᠩ ᠪᠠᠰᠠ ᠬᠠᠷᠢᠶᠠᠲᠤ ᠣᠷᠣᠨ ᠤ ᠤᠷᠤᠭ ᠤᠨ ᠰᠡᠭᠦᠳᠡᠷ ᠲᠠᠲᠠᠵᠤ ᠥᠩᠭᠡᠷᠡᠭᠰᠡᠨ ᠦᠭᠡᠢ ᠬᠥᠭᠰᠢᠨ ᠡᠷ᠎ᠡ ᠡᠮ᠎ᠡ ᠬᠤᠶᠠᠭᠤᠯᠠ ᠳᠤ ᠵᠣᠯ ᠵᠢᠷᠭᠠᠯ ᠡᠳ᠋ᠯᠡᠭᠦᠯᠬᠦ ᠶᠢᠨ ᠭᠱᠠᠨ ᠵᠠᠭᠤᠷ᠎ᠠ ᠶᠢ ᠨᠥᠬᠦᠵᠦ ᠥᠭᠴᠡᠢ᠃ ᠵᠠᠯᠭᠠᠭᠠᠳ ᠭᠡᠷᠡᠯ ᠵᠢᠷᠤᠭ ᠤᠨ ᠳᠤᠭᠤᠶᠢᠯᠠᠩ ᠪᠠᠰᠠ ᠡᠳᠡᠭᠡᠷ ᠰᠡᠯᠪᠢᠨ ᠵᠠᠰᠠᠭᠰᠠᠨ ᠬᠠᠭᠤᠴᠢᠨ ᠭᠡᠷᠡᠯ ᠵᠢᠷᠤᠭ ᠵᠢᠴᠢ ᠬᠤᠷᠢᠮ ᠤᠨ ᠰᠡᠭᠦᠳᠡᠷ ᠢ ᠨᠢᠭᠡᠨ ᠭᠤᠶᠤ ᠰᠠᠶᠢᠬᠠᠨ ᠭᠡᠷᠡᠯ ᠵᠢᠷᠤᠭ ᠪᠣᠯᠭᠠᠨ ᠲᠣᠭᠲᠠᠭᠠᠵᠤ ᠰᠠᠭᠤᠭᠠᠯᠢ ᠠᠷᠠᠳ ᠤᠨ ᠳᠤᠷᠠᠰᠬᠠᠯ ᠦᠯᠡᠳᠡᠭᠡᠨ᠎ᠡ᠃    ᠠᠵᠢᠯ ᠠᠴᠠ ᠪᠠᠨ ᠠᠮᠠᠷᠠᠵᠤ ᠭᠡᠷ ᠲᠤ ᠪᠠᠨ ᠪᠠᠶᠢᠭ᠎ᠠ ᠰᠠᠭᠤᠭᠠᠯᠢ ᠠᠷᠠᠳ ᠵᠠᠩ ᠠᠢ ᠳ᠋ᠤᠸᠠᠨ ᠰᠡᠳᠬᠢᠯ ᠳᠣᠭᠳᠣᠯᠤᠨ᠄ ︽ᠮᠠᠨ ᠤ ᠦᠷ᠎ᠡ ᠬᠡᠦᠬᠡᠳ ᠤᠨ ᠠᠵᠢᠯ ᠮᠠᠰᠢ ᠶᠠᠭᠠᠷᠠᠵᠤ᠂ ᠪᠢᠳᠡᠨ ᠳᠤ ᠲᠤᠰᠬᠠᠶᠢᠯᠠᠨ ᠪᠠᠶᠠᠷ ᠤᠨ ᠡᠳᠦᠷ ᠪᠠᠶᠠᠷ ᠬᠦᠷᠭᠡᠬᠦ ᠴᠠᠭ ᠪᠠᠶᠢᠬᠤ ᠦᠭᠡᠢ᠂ ᠥᠨᠥᠳᠥᠷ ᠨᠡᠶᠢᠭᠡᠮ ᠲᠣᠭᠤᠷᠢᠭ ᠠᠴᠠ ᠮᠠᠨ ᠤ ᠡᠬᠡ ᠶᠢᠨ ᠢᠶᠠᠨ ᠪᠠᠶᠠᠷ ᠤᠨ ᠡᠳᠦᠷ ᠢ ᠪᠡᠯᠭᠡᠯᠡᠵᠦ᠂ ᠴᠢᠨᠠᠭᠰᠢᠯᠠᠪᠠᠯ ᠪᠢ ᠪᠠᠰᠠ ᠬᠤᠷᠢᠮ ᠤᠨ ᠬᠤᠪᠴᠠᠰᠤ ᠡᠮᠦᠰᠴᠦ ᠤᠷᠤᠭ ᠤᠨ ᠰᠡᠭᠦᠳᠡᠷ ᠲᠠᠲᠠᠬᠤ ᠵᠠᠪᠰᠢᠶᠠᠨ ᠲᠠᠢ ᠪᠠᠶᠢᠨ᠎ᠠ᠂ ᠪᠢᠳᠡ ᠳᠠᠩᠴᠤ ᠰᠡᠳᠬᠢᠯ ᠳᠣᠭᠳᠣᠯᠵᠤ ᠪᠠᠶᠢᠨ᠎ᠠ︾ ᠭᠡᠵᠦ ᠲᠤᠰᠬᠠᠶᠢᠯᠠᠨ ᠬᠡᠯᠡᠪᠡ᠃    ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ᠂ ᠨᠡᠶᠢᠭᠡᠮ ᠲᠣᠭᠤᠷᠢᠭ ᠲᠣᠰ ᠤᠳᠠᠭᠠᠨ ᠤ ᠡᠬᠡ ᠶᠢᠨ ᠢᠶᠠᠨ ᠪᠠᠶᠠᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠪᠤ ᠡᠵᠢ ᠪᠠᠨ ᠠᠴᠢᠯᠠᠬᠤ᠂ ᠡᠬᠡ ᠶᠢᠨ ᠢᠶᠠᠨ ᠬᠠᠶᠢᠷ᠎ᠠ ᠳᠤ ᠲᠠᠯᠠᠷᠬᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ ᠭᠡᠵᠦ ᠢᠯᠡᠳᠬᠡᠵᠡᠭᠡᠪᠡ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2