ᠳᠣᠲᠣᠷ ᠲᠠᠮᠢᠷ ᠢᠶᠠᠨ ᠪᠣᠯᠪᠠᠰᠤᠷᠠᠭᠤᠯᠤᠶ᠎ᠠ᠂ ᠬᠠᠶᠢᠷ᠎ᠠ ᠬᠠᠯᠠᠮᠵᠢ ᠪᠠᠨ ᠡᠷᠭᠦᠬᠦ᠂ ᠡᠷᠴᠢ ᠵᠣᠷᠢᠭ ᠢᠶᠠᠨ ᠬᠥᠪᠴᠢᠯᠡᠶ᠎ᠡ - ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ︽5.12︾ ᠤᠨ ᠤᠯᠠᠨ ᠤᠯᠤᠰ ᠤᠨ ᠰᠤᠪᠢᠯᠠᠭᠴᠢ ᠶᠢᠨ ᠪᠠᠶᠠᠷ ᠤᠨ ᠰᠢᠷᠢᠰ ᠠᠵᠢᠯᠯᠠᠭ᠎ᠠ ᠮᠠᠭᠲᠠᠨ ᠰᠠᠶᠢᠰᠢᠶᠠᠭᠳᠠᠪᠠ
ᠨᠡᠶᠢᠲᠡᠯᠡᠭᠰᠡᠨ ᠴᠠᠭ᠄
2024/5/22
  ︽ᠲᠩᠷᠢ ᠶᠢᠨ ᠡᠯᠴᠢ ᠶᠢᠨ ᠤᠯᠠᠭᠠᠨ ᠴᠠᠭᠠᠨ ᠤ ᠵᠡᠭᠦᠳᠦ ᠪᠠᠷ ᠵᠠᠭᠤᠨ ᠵᠢᠯ ᠤᠨ ᠰᠤᠪᠢᠯᠠᠯᠲᠠ ᠶᠢᠨ ᠪᠠᠶᠢᠳᠠᠯ ᠢ ᠳᠠᠮᠵᠢᠭᠤᠯᠤᠨ᠎ᠠ︾ ᠭᠡᠵᠦ ᠬᠡᠯᠡᠪᠡ᠃ ᠨᠠᠨᠳᠢᠩᠭᠡᠷ ᠤᠨ ᠠᠮᠢ ᠨᠠᠰᠤ ᠶᠢ ᠬᠠᠮᠠᠭᠠᠯᠠᠬᠤ᠂ ᠦᠨᠡᠨ ᠰᠡᠳᠬᠢᠯ ᠠᠴᠠ ᠪᠠᠨ ᠴᠠᠭᠠᠨ ᠬᠤᠪᠴᠠᠰᠤᠲᠤ ᠳᠠᠭᠢᠨᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠨᠡᠶᠢᠭᠡᠮ ᠳᠤ ᠠᠴᠢ ᠬᠠᠷᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ 113 ᠳ᠋ᠤᠭᠠᠷ ︽5.12︾ ᠤᠨ ᠤᠯᠠᠨ ᠤᠯᠤᠰ ᠤᠨ ᠰᠤᠪᠢᠯᠠᠭᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠤᠷᠢᠳ ᠬᠤᠵᠢᠳ ︽ᠳᠣᠲᠣᠷ ᠲᠠᠮᠢᠷ ᠢᠶᠠᠨ ᠪᠣᠯᠪᠠᠰᠤᠷᠠᠭᠤᠯᠵᠤ᠂ ᠬᠠᠶᠢᠷ᠎ᠠ ᠬᠠᠯᠠᠮᠵᠢ ᠪᠠᠨ ᠡᠷᠭᠦᠵᠦ᠂ ᠡᠷᠴᠢ ᠵᠣᠷᠢᠭ ᠢᠶᠠᠨ ᠬᠥᠪᠴᠢᠯᠡᠬᠦ︾ ᠰᠢᠷᠢᠰ ᠠᠵᠢᠯᠯᠠᠭ᠎ᠠ ᠥᠷᠨᠢᠭᠦᠯᠵᠦ᠂ ᠬᠥᠮᠦᠰ ᠤᠨ ᠰᠡᠳᠬᠢᠯ ᠢ ᠨᠢᠭᠲᠠᠷᠠᠭᠤᠯᠤᠭᠰᠠᠨ ᠮᠥᠷᠲᠡᠭᠡᠨ ᠪᠠᠰᠠ ᠢᠲᠡᠭᠡᠯ ᠵᠣᠷᠢᠭ ᠢ ᠬᠥᠪᠴᠢᠯᠡᠵᠡᠶ᠃    5 ᠰᠠᠷ᠎ᠠ ᠶᠢᠨ 11 ᠤ ᠡᠳᠦᠷ᠂ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ︽5.12︾ ᠤᠨ ᠣᠯᠠᠨ ᠤᠯᠤᠰ ᠤᠨ ᠰᠤᠪᠢᠯᠠᠭᠴᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠬᠤᠷᠠᠯ ᠲᠣᠭᠲᠠᠭᠰᠠᠨ ᠬᠤᠭᠤᠴᠠᠭᠠᠨ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠲᠢᠶᠠᠨ ᠢᠦᠶ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠠᠨ ᠷᠦᠢ ᠰᠢᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠸᠧᠨ ᠵᠢᠤᠸᠠᠨ ᠵᠢᠴᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠡᠮᠡᠭᠲᠡᠶᠢᠴᠦᠳ ᠤᠨ ᠬᠤᠯᠪᠣᠭ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ᠂ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠥᠬᠦ ᠡᠮᠴᠢ ᠰᠤᠪᠢᠯᠠᠭᠴᠢᠳ ᠣᠷᠣᠯᠴᠠᠵᠠᠶ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2