ᠤᠯᠠᠭᠠᠨᠴᠠᠪ ᠬᠤᠲᠠ ᠶᠢᠨ ︽ᠡᠨᠧᠷᠭᠢ ᠶᠢᠨ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠱᠠᠩᠳᠤ ᠰᠢᠶᠠᠨ ᠤ ᠰᠢᠯᠭᠠᠷᠠᠭᠤᠯᠬᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/5/22
  ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠬᠥᠲᠥᠯᠪᠦᠷᠢ ᠶᠢ ᠰᠠᠶᠢᠲᠤᠷ ᠨᠠᠶᠢᠳᠠᠪᠤᠷᠢᠵᠢᠭᠤᠯᠤᠨ᠂ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠬᠥᠳᠡᠯᠭᠡᠭᠡᠨ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠮᠠᠨ ᠤ ᠬᠤᠲᠠ ᠶᠢᠨ ᠫᠢᠩᠫᠠᠩ ᠪᠥᠮᠪᠦᠭᠡ ᠶᠢᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠶᠢᠨ ᠲᠥᠯᠥᠭᠡ᠂ ᠮᠠᠨ ᠤ ᠬᠤᠲᠠ ᠳᠤ ᠬᠤᠷᠠᠯᠳᠤᠭᠤᠯᠤᠭᠰᠠᠨ ᠪᠥᠬᠦ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠲᠠᠮᠢᠷ ᠤᠨ ᠴᠤᠭᠯᠠᠭᠠᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ 5 ᠳ᠋ᠤᠭᠠᠷ ᠰᠠᠷ᠎ᠠ ᠶᠢᠨ 11 ᠤ ᠡᠳᠦᠷ ᠠᠴᠠ 5 ᠳ᠋ᠤᠭᠠᠷ ᠰᠠᠷ᠎ᠠ ᠶᠢᠨ 12 ᠤᠨ ᠡᠳᠦᠷ ᠪᠣᠯᠲᠠᠯ᠎ᠠ᠂ ᠱᠠᠩᠳᠤ ᠰᠢᠶᠠᠨ ᠤ ᠡᠪᠯᠡᠯ ᠤᠨ ᠬᠤᠷᠢᠶ᠎ᠠ ᠠᠴᠠ ᠭᠤᠤᠯᠯᠠᠨ ᠡᠷᠭᠢᠯᠡᠵᠦ᠂ ᠱᠠᠩᠳᠤ ᠰᠢᠶᠠᠨ ᠤ ᠵᠢᠶᠧ ᠤᠤ ᠫᠢᠩᠫᠠᠩ ᠪᠥᠮᠪᠦᠭᠡ ᠶᠢᠨ ᠪᠣᠯᠪᠠᠰᠤᠷᠠᠯ ᠤᠨ ᠲᠥᠪ᠂ ᠥᠪᠥᠷ ᠮᠣᠩᠭᠤᠯ ᠤᠨ ᠯᠢ ᠳ᠋ᠤᠤ ᠪᠡᠶ᠎ᠡ ᠲᠠᠮᠢᠷ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠭᠢᠯᠡᠭᠰᠡᠨ ᠤᠯᠠᠭᠠᠨᠴᠠᠪ ᠬᠤᠲᠠ ᠶᠢᠨ ︽ᠡᠨᠧᠷᠭᠢ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠱᠠᠩᠳᠤ ᠰᠢᠶᠠᠨ ᠤ ᠰᠢᠯᠭᠠᠷᠠᠭᠤᠯᠬᠤ ᠤᠷᠤᠯᠳᠤᠭᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠲᠡᠭᠦᠰ ᠠᠮᠵᠢᠯᠲᠠ ᠲᠠᠢ ᠥᠨᠳᠥᠷᠯᠡᠪᠡ᠃    ᠤᠷᠤᠯᠳᠤᠭᠠᠨ ᠳᠤ 10 ᠨᠠᠰᠤᠨ ᠠᠴᠠ ᠳᠣᠷᠣᠭᠰᠢᠬᠢ ᠳᠤᠭᠤᠶᠢᠯᠠᠩ ᠤᠨ ᠡᠷᠡᠭᠲᠡᠶ ᠶᠢᠨ ᠳᠠᠩ ᠢᠶᠠᠷ ᠴᠣᠬᠢᠬᠤ᠂ 10 ᠨᠠᠰᠤᠨ ᠠᠴᠠ ᠳᠣᠷᠣᠭᠰᠢᠬᠢ ᠳᠤᠭᠤᠶᠢᠯᠠᠩ ᠤᠨ ᠡᠮᠡᠭᠲᠡᠶ ᠶᠢᠨ ᠳᠠᠩ ᠢᠶᠠᠷ ᠴᠣᠬᠢᠬᠤ᠂ 11-15 ᠨᠠᠰᠤᠨ ᠤ ᠡᠷᠡᠭᠲᠡᠶ ᠶᠢᠨ ᠳᠠᠩ ᠢᠶᠠᠷ ᠴᠣᠬᠢᠬᠤ᠂ 11-15 ᠨᠠᠰᠤᠨ ᠤ ᠡᠮᠡᠭᠲᠡᠶ ᠶᠢᠨ ᠳᠠᠩ ᠢᠶᠠᠷ ᠴᠣᠬᠢᠬᠤ ᠤᠷᠤᠯᠳᠤᠭᠠᠨ ᠲᠣᠬᠢᠷᠠᠭᠤᠯᠵᠤ᠂ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠳᠤᠭᠤᠶᠢᠯᠠᠩ ᠪᠦᠷᠢ ᠶᠢᠨ ᠠᠩᠬᠠᠳᠠᠭᠴᠢ ᠪᠦᠬᠦ ᠬᠤᠲᠠ ᠶᠢᠨ ︽ᠡᠨᠧᠷᠭᠢ ᠶᠢᠨ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠤᠷᠤᠯᠳᠤᠭᠠᠨ ᠳᠤ ᠣᠷᠣᠯᠴᠠᠬᠤ ᠪᠣᠯᠪᠠ᠃    ᠲᠣᠰ ᠤᠳᠠᠭᠠᠨ ᠤ ᠠᠵᠢᠯᠯᠠᠭ᠎ᠠ ᠨᠢ ᠰᠤᠷᠤᠭᠴᠢᠳ ᠤᠨ ᠬᠢᠴᠢᠶᠡᠯ ᠤᠨ ᠭᠠᠳᠠᠨᠠᠬᠢ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠤᠷᠤᠭᠴᠢᠳ ᠤᠨ ᠰᠣᠯᠢᠯᠴᠠᠭᠠᠨ ᠤ ᠲᠠᠪᠴᠠᠩ ᠢ ᠬᠠᠩᠭᠠᠵᠤ᠂ ᠰᠤᠷᠤᠭᠴᠢᠳ ᠤᠨ ᠡᠷᠡᠯᠬᠡᠭᠯᠡᠨ ᠲᠡᠮᠡᠴᠡᠬᠦ᠂ ᠲᠠᠰᠤᠷᠠᠯᠲᠠ ᠥᠬᠡᠶ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠨᠠᠩ ᠢᠯᠡᠭᠦᠤ ᠢᠯᠡᠷᠡᠭᠦᠯᠪᠡ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2