ᠱᠠᠩᠳᠤ ᠰᠢᠶᠠᠨ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠬᠡᠷᠡᠭᠵᠢᠭᠦᠯᠬᠦ︾ - ᠳᠣᠷᠣᠮᠵᠢᠯᠠᠯ ᠢ ᠰᠡᠷᠭᠡᠶᠢᠯᠡᠨ ᠵᠠᠰᠠᠬᠤ᠂ ᠰᠢᠷᠬᠠᠲᠤᠯ ᠢ ᠵᠠᠶᠢᠯᠠᠭᠤᠯᠬᠤ᠂ ᠡᠷᠡᠭᠦᠯ ᠢᠶᠠᠷ ᠦᠰᠦᠨ ᠪᠤᠶᠢᠵᠢᠬᠤ ᠲᠤᠰᠬᠠᠶ ᠰᠡᠳᠦᠪᠲᠦ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2024/5/22
  ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 10 ᠤ ᠡᠳᠦᠷ᠂ ᠱᠠᠩᠳᠤ ᠰᠢᠶᠠᠨ ᠤ ᠤᠯᠤᠰ ᠲᠥᠷᠥ ᠶᠢᠨ ᠵᠥᠪᠯᠡᠯᠭᠡᠨ᠂ ᠱᠠᠩᠳᠤ ᠰᠢᠶᠠᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠲᠠᠢ ᠬᠠᠮᠲᠤᠷᠠᠨ ︽ᠬᠠᠤᠯᠢ ᠪᠠᠷ ᠵᠠᠰᠠᠬᠤ ᠰᠤᠷᠭᠠᠭᠤᠯᠢ ᠶᠢᠨ ᠬᠦᠷᠢᠶᠡᠨ ᠳᠤ︾ - ᠳᠣᠷᠣᠮᠵᠢᠯᠠᠯ ᠢ ᠰᠡᠷᠭᠡᠶᠢᠯᠡᠨ ᠵᠠᠰᠠᠬᠤ᠂ ᠵᠣᠪᠠᠯ ᠭᠡᠮᠲᠦᠯ ᠠᠴᠠ ᠵᠠᠶᠢᠳᠠᠬᠤ᠂ ᠡᠷᠡᠭᠦᠯ ᠢᠶᠠᠷ ᠦᠰᠦᠨ ᠪᠤᠶᠢᠵᠢᠬᠤ ᠳᠤ ᠭᠤᠤᠯ ᠰᠡᠳᠦᠪᠲᠦ ᠰᠤᠷᠭᠠᠨ ᠬᠥᠮᠦᠵᠢᠯ ᠤᠨ ᠲᠠᠶᠢᠯᠤᠮᠵᠢ ᠬᠢᠪᠠ᠃    ᠲᠠᠶᠢᠯᠤᠮᠵᠢ ᠳᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠵᠠᠩ ᠱᠤ᠋ ᠰᠢᠶᠠ ᠶᠢ ᠤᠷᠢᠵᠤ ᠵᠢᠷᠤᠭ ᠪᠢᠴᠢᠭ ᠤᠨ ᠲᠠᠶᠢᠯᠪᠤᠷᠢᠯᠠᠯᠲᠠ᠂ ᠸᠢᠳᠢᠣ᠋ ᠨᠡᠪᠲᠡᠷᠡᠭᠦᠯᠬᠦ ᠵᠡᠷᠭᠡ ᠠᠷᠭ᠎ᠠ ᠬᠡᠯᠪᠡᠷᠢ ᠪᠠᠷ ᠤᠢᠢᠷ᠎ᠠ ᠶᠢᠨ ᠬᠤᠭᠤᠴᠠᠭᠠᠨ ᠳᠤ ᠡᠭᠦᠰᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠶᠠᠭᠤ ᠶᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠣᠯᠬᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠡᠷᠬᠢᠨ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠡᠷᠬᠢᠨ ᠠᠷᠭᠠᠴᠠᠬᠤ᠂ ᠬᠦᠴᠦᠷᠬᠡᠭᠯᠡᠯ ᠢ ᠡᠷᠬᠡᠪᠰᠢ ᠡᠭᠦᠷᠭᠡᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠲᠠᠯ᠎ᠠ ᠪᠠᠷ ᠨᠠᠷᠢᠨ ᠨᠢᠭᠲᠠ ᠲᠣᠳᠣᠷᠬᠠᠶᠢᠯᠠᠨ ᠥᠭᠦᠯᠡᠪᠡ᠃    ︽ᠬᠠᠤᠯᠢ ᠳᠦᠷᠢᠮ ᠨᠢ ᠰᠤᠷᠭᠠᠭᠤᠯᠢ ᠶᠢᠨ ᠬᠦᠷᠢᠶᠡᠨ ᠳᠤ ᠣᠷᠣᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠲᠠᠶᠢᠯᠤᠮᠵᠢ ᠥᠷᠨᠢᠭᠦᠯᠬᠦ ᠶᠢᠨ ᠵᠣᠷᠢᠯᠭ᠎ᠠ ᠪᠠ ᠠᠴᠢ ᠬᠤᠯᠪᠣᠭᠳᠠᠯ ᠪᠣᠯ ᠳᠠᠷᠤᠶ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠲᠡᠭᠦᠨ ᠤ ᠪᠤᠶ ᠪᠣᠯᠤᠭᠰᠠᠨ ᠰᠢᠯᠲᠠᠭᠠᠨ ᠢ ᠰᠤᠳᠤᠯᠤᠨ ᠶᠠᠷᠢᠯᠴᠠᠵᠤ᠂ ᠪᠦᠲᠦᠮᠵᠢᠲᠡᠶ ᠠᠷᠭᠠᠴᠠᠬᠤ ᠠᠷᠭ᠎ᠠ ᠪᠣᠳᠣᠯᠭ᠎ᠠ ᠶᠢ ᠬᠤᠪᠢᠶᠠᠯᠴᠠᠵᠤ᠂ ᠰᠤᠷᠤᠭᠴᠢ᠂ ᠭᠡᠷ ᠤᠨ ᠠᠬᠠᠮᠠᠳ ᠪᠠ ᠪᠠᠭᠰᠢ ᠶᠢᠨ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠵᠦ᠂ ᠵᠢᠴᠢ ᠬᠤᠯᠪᠣᠭᠳᠠᠯ ᠪᠦᠬᠦᠢ ᠰᠤᠷᠭᠠᠨ ᠬᠥᠮᠦᠵᠢᠯ ᠢ ᠦᠷᠭᠦᠯᠵᠢᠯᠡᠨ ᠬᠢᠵᠦ᠂ ᠬᠠᠮᠲᠤ ᠪᠠᠷ ᠨᠢᠭᠡᠨ ᠡᠶ᠎ᠡ ᠵᠣᠬᠢᠴᠠᠩᠭᠤᠶ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ ᠴᠢᠷᠮᠠᠶᠢᠬᠤ ᠬᠡᠷᠡᠭᠲᠡᠶ︕︾ ᠱᠠᠩᠳᠤ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠸᠧᠨ ᠵᠢᠤᠸᠠᠨ ᠬᠡᠯᠡᠪᠡ᠃    ᠨᠢᠭᠡ ᠮᠥᠬᠦᠯᠢᠭ ᠬᠠᠤᠯᠢ ᠪᠠᠷ ᠵᠠᠰᠠᠬᠤ ᠦᠷ᠎ᠡ ᠶᠢ ᠨᠡᠪᠲᠡᠷᠡᠭᠦᠯᠵᠦ᠂ ᠨᠢᠭᠡ ᠭᠠᠵᠠᠷ ᠣᠷᠣᠨ ᠤ ᠡᠶ᠎ᠡ ᠵᠣᠬᠢᠴᠠᠯ ᠲᠠᠢ ᠲᠠᠷᠢᠶ᠎ᠠ ᠶᠢ ᠪᠤᠶᠢᠵᠢᠭᠤᠯᠤᠨ᠎ᠠ᠃ ᠲᠣᠰ ᠤᠳᠠᠭᠠᠨ ᠤ ᠲᠠᠶᠢᠯᠤᠮᠵᠢ ᠶᠢ ᠥᠷᠨᠢᠭᠦᠯᠬᠦ ᠪᠠᠷ ᠳᠠᠮᠵᠢᠭᠤᠯᠤᠨ᠂ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠡᠰᠡᠷᠭᠦᠴᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠦᠵᠡᠯᠲᠡ ᠪᠠᠨ ᠴᠢᠩᠭᠠᠳᠬᠠᠨ᠂ ᠬᠠᠤᠯᠢ ᠪᠠᠷ ᠵᠠᠰᠠᠬᠤ ᠰᠡᠳᠬᠢᠬᠦᠶ ᠪᠠᠨ ᠬᠥᠮᠦᠵᠢᠭᠦᠯᠵᠦ᠂ ᠬᠠᠤᠯᠢ ᠴᠠᠭᠠᠵᠠ ᠪᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠴᠤ᠂ ᠡᠭᠦᠨ ᠤ ᠤᠯᠠᠮ ᠠᠴᠠ ᠪᠣᠯᠪᠠᠰᠤᠨ ᠨᠥᠬᠦᠷᠰᠡᠭ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠨᠠᠩ ᠰᠠᠶᠢᠨ ᠪᠣᠶ ᠪᠣᠯᠭᠠᠪᠠ᠃    ︽ᠲᠣᠰ ᠤᠳᠠᠭᠠᠨ ᠤ ᠬᠠᠤᠯᠢ ᠲᠦᠷᠢᠮ ᠤᠨ ᠲᠤᠰᠬᠠᠶ ᠰᠡᠳᠦᠪᠲᠦ ᠲᠠᠶᠢᠯᠤᠮᠵᠢ ᠪᠠᠷ ᠳᠠᠮᠵᠢᠭᠤᠯᠤᠨ᠂ ᠪᠢᠳᠡ ᠥᠪᠡᠷ ᠢ ᠪᠠᠨ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠦᠴᠦᠷᠭᠡᠭᠯᠡᠨ ᠲᠤᠷᠤᠮᠵᠢᠯᠠᠭᠴᠢ ᠪᠠ ᠬᠡᠷᠬᠢᠪᠡᠴᠦ ᠦᠵᠡᠵᠦ ᠪᠣᠯᠬᠤ ᠥᠬᠡᠶ᠃ ᠰᠤᠷᠭᠠᠭᠤᠯᠢ ᠶᠢᠨ ᠬᠦᠷᠢᠶᠠᠨ ᠤ ᠡᠵᠡᠷᠭᠡᠭᠯᠡᠯ ᠳᠤ ᠬᠠᠨᠳᠤᠬᠤ ᠳᠠᠭᠠᠨ ᠪᠢᠳᠡ ᠡᠷᠡᠯᠬᠡᠭ ᠢᠶᠠᠷ ᠬᠡᠯᠡᠵᠦ ᠴᠢᠳᠠᠬᠤ ᠦᠭᠡᠢ ᠪᠠᠶᠢᠵᠤ᠂ ᠥᠪᠡᠷ ᠢ ᠪᠠᠨ ᠬᠠᠮᠠᠭᠠᠯᠠᠵᠤ ᠬᠠᠮᠠᠭᠠᠯᠠᠬᠤ ᠬᠡᠷᠡᠭᠲᠡᠢ᠃︾ ᠭᠡᠵᠦ ᠱᠠᠩᠳᠦ ᠰᠢᠶᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠵᠠᠩ ᠶᠢᠨ ᠰᠢᠨ ᠬᠡᠯᠡᠪᠡ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2