ᠱᠠᠩᠳᠤ ᠰᠢᠶᠠᠨ ᠬᠡᠷ ᠤᠨ ᠶᠠᠪᠤᠳᠠᠯ ᠤᠨ ᠦᠢᠯᠡᠴᠢᠯᠡᠭᠴᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/5/22
 ᠮᠠᠨ ᠤ ᠰᠢᠶᠠᠨ ᠤ ᠭᠡᠷ ᠠᠬᠤᠢ ᠶᠢᠨ ᠦᠢᠯᠡᠴᠢᠯᠡᠭᠡᠨ ᠤ ᠠᠵᠢᠯ ᠮᠡᠷᠭᠡᠰᠢᠯ᠂ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠬᠢᠴᠠ ᠶᠢ ᠲᠦᠯᠬᠢᠨ ᠠᠬᠢᠭᠤᠯᠵᠤ᠂ ᠭᠡᠷ ᠠᠬᠤᠢ ᠶᠢᠨ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠭᠡᠷ ᠠᠬᠤᠢ ᠶᠢᠨ ᠠᠵᠢᠯ ᠡᠷᠭᠢᠯᠡᠭᠰᠡᠳ ᠤᠨ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠠᠨ ᠤ ᠰᠢᠶᠠᠨ ᠤ ᠡᠮᠡᠭᠲᠡᠶᠢᠴᠦᠳ ᠤᠨ ᠨᠡᠩ ᠰᠠᠶᠢᠨ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 11 ᠤ ᠡᠳᠦᠷ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠭᠤᠣᠯᠯᠠᠨ ᠡᠷᠬᠢᠯᠡᠵᠦ᠂ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ᠂ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠬᠠᠪᠰᠤᠷᠤᠨ ᠡᠷᠬᠢᠯᠡᠵᠦ᠂ ᠱᠠᠩᠳᠤ ᠰᠢᠶᠠᠨ ᠤ ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ ᠶᠢᠨ ᠳᠠᠭᠠᠭᠠᠨ ᠡᠷᠬᠢᠯᠡᠭᠰᠡᠨ ᠭᠡᠷ ᠠᠬᠤᠢ ᠶᠢᠨ ᠦᠢᠯᠡᠴᠢᠯᠡᠭᠴᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ ᠶᠠᠪᠤᠭᠤᠯᠵᠤ᠂ ᠮᠠᠨ ᠤ ᠰᠢᠶᠠᠨ ᠤ 60 ᠭᠠᠷᠤᠢ ᠭᠡᠷ ᠠᠬᠤᠢ ᠶᠢᠨ ᠠᠵᠢᠯ ᠡᠷᠭᠢᠯᠡᠭᠰᠡᠳ ᠲᠤ ᠠᠵᠢᠯ ᠣᠯᠭᠤᠬᠤ ᠤᠷ᠎ᠠ ᠴᠢᠳᠠᠪᠤᠷᠢ ᠰᠤᠷᠤᠯᠴᠠᠬᠤ ᠲᠠᠪᠴᠠᠩ ᠬᠠᠩᠭᠠᠪᠠ᠃    ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠳᠤ ᠭᠤᠤᠯᠳᠠᠭᠤ ᠡᠬᠡ ᠨᠢᠯᠬᠠᠰ ᠤᠨ ᠰᠤᠪᠢᠯᠠᠯᠲᠠ᠂ ᠨᠢᠷᠠᠶ ᠬᠡᠦᠬᠡᠳ ᠢ ᠠᠰᠠᠷᠠᠬᠤ᠂ ᠡᠬᠡ ᠶᠢᠨ ᠰᠦ ᠪᠠᠷ ᠲᠡᠵᠢᠭᠡᠬᠦ᠂ ᠨᠠᠰᠤᠲᠠᠨ ᠢ ᠠᠰᠠᠷᠠᠨ ᠬᠠᠷᠠᠭᠠᠯᠵᠠᠬᠤ᠂ ᠰᠢᠮ᠎ᠡ ᠲᠡᠵᠢᠭᠡᠯ ᠢᠶᠠᠷ ᠬᠤᠭᠤᠯᠠ ᠲᠣᠬᠢᠷᠠᠭᠤᠯᠬᠤ᠂ ᠬᠡᠷ ᠪᠦᠯᠢ ᠶᠢᠨ ᠦᠶ᠋ᠯᠡᠴᠢᠯᠡᠭᠡ᠂ ᠬᠡᠤᠬᠡᠳ ᠢᠯᠢᠵᠤ ᠡᠷᠡᠭᠦᠯ ᠮᠡᠨᠳᠦ ᠶᠢ ᠬᠠᠮᠠᠭᠠᠯᠠᠬᠤ᠂ ᠬᠥᠩᠭᠡᠵᠢᠭᠰᠡᠨ ᠤ ᠳᠠᠷᠠᠭ᠎ᠠ ᠰᠡᠷᠭᠦᠭᠡᠬᠦ ᠵᠡᠷᠭᠡ ᠠᠭᠤᠯᠭ᠎ᠠ ᠵᠢᠴᠢ ᠬᠥᠮᠦᠨ ᠤ ᠬᠤᠭᠤᠷᠣᠨᠳᠣᠬᠢ ᠨᠡᠪᠲᠡᠷᠡᠯᠴᠡᠭᠡ᠂ ᠠᠮᠤᠷ ᠲᠦᠪᠰᠢᠨ ᠤ ᠲᠦᠷᠭᠡᠨ ᠠᠪᠤᠷᠠᠯᠲᠠ᠂ ᠬᠠᠤᠯᠢ ᠴᠠᠭᠠᠵᠠ ᠶᠢᠨ ᠮᠡᠳᠡᠯᠭᠡ ᠵᠡᠷᠭᠡ ᠦᠨᠳᠦᠰᠦᠨ ᠮᠡᠳᠡᠯᠭᠡ ᠶᠢ ᠪᠠᠭᠲᠠᠭᠠᠵᠤ᠂ ᠪᠣᠯᠪᠠᠰᠤᠷᠠᠭᠤᠯᠤᠯ ᠤᠨ ᠠᠵᠢᠯᠲᠠᠨ ᠲᠣᠰ ᠪᠡᠶ᠎ᠡ ᠶᠢᠨ ᠪᠠᠶᠢᠳᠠᠯ ᠢᠶᠠᠨ ᠦᠨᠳᠦᠰᠦᠯᠡᠨ ᠲᠤᠰᠬᠠᠶ ᠮᠡᠷᠭᠡᠵᠢᠯ ᠤᠨ ᠴᠢᠭᠯᠡᠯ ᠢ ᠰᠣᠩᠭᠤᠵᠤ ᠰᠤᠷᠤᠯᠴᠠᠵᠤ ᠪᠣᠯᠤᠨ᠎ᠠ᠃ ᠰᠤᠷᠤᠯᠴᠠᠯᠭ᠎ᠠ ᠳᠠᠭᠤᠰᠤᠭᠰᠠᠨ ᠤ ᠳᠠᠷᠠᠭ᠎ᠠ ᠰᠦᠯᠵᠢᠶᠡᠨ ᠤ ᠰᠢᠯᠭᠠᠯᠲᠠ ᠳᠤ ᠣᠷᠣᠯᠴᠠᠵᠤ᠂ ᠬᠢᠷᠢ ᠲᠡᠩᠴᠡᠭᠰᠡᠳ ᠲᠤ ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ ᠶᠢᠨ ᠲᠠᠷᠬᠠᠭᠠᠭᠰᠠᠨ ᠰᠤᠷᠤᠯᠭ᠎ᠠ ᠲᠡᠭᠦᠰᠬᠦ ᠦᠨᠡᠮᠯᠡᠯ ᠢ ᠣᠯᠵᠤ ᠪᠣᠯᠤᠨ᠎ᠠ᠃    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ ᠰᠤᠷᠤᠭᠴᠢᠳ ᠢ ᠬᠡᠷ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠶ ᠮᠡᠷᠭᠡᠵᠢᠯ ᠤᠨ ᠣᠨᠣᠯ ᠤᠨ ᠮᠡᠳᠡᠯᠭᠡ ᠶᠢ ᠰᠢᠰᠲ᠋ᠧᠮ ᠲᠠᠢ ᠪᠠᠷ ᠪᠥᠬᠦ ᠲᠠᠯ᠎ᠠ ᠪᠠᠷ ᠰᠤᠷᠤᠯᠴᠠᠭᠤᠯᠬᠤ ᠪᠠᠷ ᠪᠠᠷᠠᠬᠤ ᠥᠬᠡᠶ᠂ ᠪᠠᠰᠠ ᠲᠡᠳᠡᠨ ᠢ ᠬᠡᠷ ᠤᠨ ᠡᠭᠦᠳᠡᠨ ᠳᠤᠨᠢ ᠨᠢᠭᠡ ᠵᠦᠢᠯ ᠤᠨ ᠮᠡᠷᠭᠡᠵᠢᠯ ᠰᠤᠷᠴᠤ᠂ ᠠᠵᠢᠯ ᠤᠯᠬᠤ ᠢᠲᠡᠭᠡᠯ ᠵᠣᠷᠢᠭ ᠪᠠ ᠴᠢᠳᠠᠪᠤᠷᠢ ᠶᠢ ᠳᠡᠭᠡᠭᠰᠢᠯᠡᠭᠦᠯᠦᠨ᠂ ᠠᠵᠢᠯ ᠤᠯᠬᠤ ᠠᠷᠭ᠎ᠠ ᠵᠠᠮ ᠢ ᠥᠷᠭᠡᠳᠬᠡᠬᠦ ᠪᠣᠯᠤᠨ᠎ᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2