ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠤᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/5/22
    ᠡᠨᠡ ᠵᠢᠯ ᠤᠨ 5 ᠰᠠᠷ᠎ᠠ ᠶᠢᠨ 12 ᠤᠨ ᠡᠳᠦᠷ ᠪᠣᠯ 16 ᠳ᠋ᠤᠭᠠᠷ ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠃ 5 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ ︽ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠭᠤᠯᠬᠤ ᠪᠠ ᠦᠨᠳᠦᠰᠦᠨ ᠱᠠᠲᠤᠨ ᠳᠤ ᠬᠦᠷᠴᠦ᠂ ᠠᠮᠢ ᠨᠠᠰᠤᠨ ᠤ ᠠᠮᠤᠷ ᠲᠦᠪᠰᠢᠨ ᠤ ᠱᠤᠭᠤᠮ ᠢ ᠰᠠᠬᠢᠨ ᠬᠠᠮᠠᠭᠠᠯᠠᠶ᠎ᠠ︾ - ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠪᠠᠷ ᠭᠤᠤᠯ ᠰᠡᠳᠦᠪ ᠪᠣᠯᠭᠠᠭᠰᠠᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠱᠠᠩᠳᠤ ᠰᠢᠶᠠᠨ ᠤ ᠠᠳᠠᠷ ᠬᠠᠭᠠᠯᠪᠤᠷᠢᠯᠠᠬᠤ ᠠᠩᠭᠢ ᠪᠠᠯᠭᠠᠰᠤᠨ ᠳᠤ ᠶᠠᠪᠤᠭᠳᠠᠪᠠ᠃ ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠠᠲᠠᠷ ᠬᠠᠭᠠᠯᠪᠤᠷᠢᠯᠠᠯᠲᠠ ᠶᠢᠨ ᠠᠩᠭᠢ ᠶᠢᠨ ᠴᠠᠬᠢᠯᠭᠠᠨ ᠬᠠᠩᠭᠠᠬᠤ ᠭᠠᠵᠠᠷ ᠤᠨ ᠪᠥᠬᠦ ᠠᠵᠢᠯᠲᠠᠳ ᠢᠳᠡᠪᠬᠢᠲᠡᠶ ᠬᠠᠮᠵᠢᠯᠴᠠᠨ ᠣᠷᠣᠯᠴᠠᠵᠤ᠂ ᠲᠤᠬᠠᠶ ᠶᠢᠨ ᠡᠳᠦᠷ ᠪᠠᠯᠭᠠᠰᠤᠨ ᠤ ᠠᠵᠢᠯᠯᠠᠭ᠎ᠠ ᠶᠢᠨ ᠲᠥᠪ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠢᠴᠢ ᠣᠯᠠᠨ ᠲᠦᠮᠡᠨ ᠳᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠠᠶᠤᠯ ᠠᠴᠠ ᠵᠠᠶᠢᠯᠠᠬᠤ ᠴᠢᠳᠠᠪᠤᠷᠢ ᠶᠢᠨ ᠮᠡᠳᠡᠯᠭᠡ ᠶᠢ ᠲᠦᠭᠡᠮᠡᠯᠵᠢᠭᠦᠯᠪᠡ᠃    ᠡᠭᠦᠨ ᠤ ᠬᠠᠮᠲᠤ᠂ ᠠᠳᠠᠷ ᠬᠠᠭᠠᠯᠪᠤᠷᠢᠯᠠᠬᠤ ᠠᠩᠭᠢ ᠶᠢᠨ ᠴᠠᠬᠢᠯᠭᠠᠨ ᠬᠠᠩᠭᠠᠬᠤ ᠭᠠᠵᠠᠷ ᠤᠨ ᠠᠵᠢᠯᠲᠠᠳ ᠪᠠᠰᠠ ᠰᠠᠭᠤᠭᠠᠯᠢ ᠠᠷᠠᠳ ᠲᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠴᠠᠬᠢᠯᠭᠠᠨ ᠬᠦᠴᠦᠨ ᠤ ᠲᠥᠬᠦᠭᠡᠷᠦᠮᠵᠢ ᠶᠢ ᠬᠠᠮᠠᠭᠠᠯᠠᠬᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠶᠢ ᠠᠩᠬᠠᠷᠬᠤ ᠵᠦᠢᠯᠡᠰ ᠵᠢᠴᠢ ᠴᠠᠬᠢᠯᠭᠠᠨ ᠳᠤ ᠴᠣᠬᠢᠭᠳᠠᠭᠰᠠᠨ ᠠᠳᠡᠯ ᠢ ᠵᠥᠪ ᠰᠢᠢᠳᠪᠦᠷᠢᠯᠡᠬᠦ ᠠᠷᠭ᠎ᠠ ᠶᠢ ᠲᠠᠶᠢᠯᠪᠤᠷᠢᠯᠠᠪᠠ᠃ ᠣᠶᠢᠷ᠎ᠠ ᠳᠤ ᠠᠶᠤᠩᠭᠠᠲᠤ ᠪᠣᠷᠣᠭᠠᠨ ᠰᠢᠷᠦᠭᠦᠨ ᠰᠢᠭᠤᠷᠭ᠎ᠠ ᠣᠯᠠᠰᠢᠷᠠᠵᠤ᠂ ᠲᠠᠷᠢᠶᠠᠨ ᠭᠠᠵᠠᠷ ᠲᠤ ᠲᠠᠷᠢᠶ᠎ᠠ ᠲᠠᠷᠢᠬᠤ ᠲᠠᠯ᠎ᠠ ᠪᠠᠷ ᠲᠥᠪᠯᠡᠷᠡᠵᠦ᠂ ᠰᠠᠭᠤᠭᠠᠯᠢ ᠠᠷᠠᠳ ᠲᠤ ᠠᠮᠤᠷ ᠲᠦᠪᠰᠢᠨ ᠰᠢᠨᠵᠢᠯᠡᠬᠦ ᠤᠬᠠᠭᠠᠨᠴᠢ ᠪᠠᠷ ᠴᠠᠬᠢᠯᠭᠠᠨ ᠬᠡᠷᠡᠭᠯᠡᠬᠦ ᠶᠢ ᠰᠠᠨᠠᠭᠤᠯᠪᠠ᠃ ᠲᠦᠨ ᠺᠧᠨ ᠠᠩᠭᠢ ᠶᠢᠨ ᠴᠠᠬᠢᠯᠭᠠᠨ ᠬᠠᠩᠭᠠᠬᠤ ᠭᠠᠵᠠᠷ ᠤᠨ ᠠᠵᠢᠯᠲᠠᠨ ᠠᠵᠢᠯᠴᠢᠨ ᠪᠠᠰᠠ ᠲᠤᠬᠠᠶ ᠶᠢᠨ ᠲᠠᠯᠠᠪᠤᠷ ᠲᠤ ᠴᠠᠬᠢᠯᠭᠠᠨ ᠬᠦᠴᠦᠨ ᠤ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠣᠯᠠᠨ ᠵᠦᠢᠯ ᠤᠨ ᠯᠠᠪᠯᠠᠭ᠎ᠠ ᠶᠢ ᠭᠥᠯᠢᠶᠡᠨ ᠠᠪᠤᠭᠰᠠᠨ ᠪᠥᠭᠡᠳ ᠣᠷᠣᠯᠴᠠᠭᠰᠠᠨ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠷᠠᠭ᠎ᠠ ᠬᠤᠳᠠᠯᠳᠤᠨ ᠠᠪᠬᠤ ᠤᠭᠤᠲᠠ ᠳᠠᠷᠤᠮᠠᠯᠯᠠᠭᠰᠠᠨ ᠪᠠᠶᠢᠨ᠎ᠠ᠃    ᠠᠵᠢᠯᠯᠠᠭ᠎ᠠ ᠶᠢᠨ ᠲᠤᠬᠠᠶ ᠶᠢᠨ ᠡᠳᠦᠷ᠂ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠶ ᠬᠤᠪᠢ ᠲᠠᠷᠬᠠᠭᠠᠵᠤ᠂ ᠴᠠᠬᠢᠯᠭᠠᠨ ᠬᠡᠷᠡᠭᠯᠡᠬᠦ ᠲᠤᠬᠠᠶᠢᠯᠠᠭᠰᠠᠨ ᠠᠵᠢᠯ ᠤᠨ ᠯᠠᠪᠯᠠᠭ᠎ᠠ ᠳᠤ 30 ᠭᠠᠷᠤᠶ ᠬᠥᠮᠦᠨ ᠤᠳᠠᠭ᠎ᠠ ᠬᠠᠷᠢᠭᠤᠯᠲᠠ ᠥᠭᠴᠦ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠪᠠ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠡᠶ᠎ᠡ ᠵᠣᠬᠢᠴᠠᠩᠭᠤᠶ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠬᠤ ᠳᠤ ᠦᠵᠡᠭᠦᠯᠪᠡᠰᠦ ᠵᠣᠬᠢᠬᠤ ᠴᠢᠷᠮᠠᠶᠢᠯᠭ᠎ᠠ ᠭᠠᠷᠭᠠᠪᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2