2023 ᠶᠣᠣ ᠰᠠᠭᠤᠷᠢ ᠮᠥᠩᠭᠦᠨ ᠤ ᠰᠢ ᠸᠠᠩ ᠪᠠᠭ᠎ᠠ ᠰᠤᠷᠭᠠᠭᠤᠯᠢ ᠶᠢᠨ ᠰᠠᠭᠰᠤᠨ ᠪᠥᠮᠪᠦᠭᠡ ᠶᠢᠨ ᠤᠯᠠᠷᠢᠯ ᠤᠨ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠬᠤᠯᠪᠣᠭᠠᠲᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/5/22
  5 ᠰᠠᠷ᠎ᠠ ᠶᠢᠨ 15 ᠤ ᠡᠳᠦᠷ᠂ ᠤᠷᠢᠬᠠᠨ ᠬᠠᠪᠤᠷ ᠤᠨ ᠰᠠᠶᠢᠬᠠᠨ ᠴᠡᠴᠡᠭ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠴᠠᠭ ᠦᠶ᠎ᠡ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠱᠠᠩᠳᠤ ᠰᠢᠶᠠᠨ ᠤ ᠬᠤᠷᠢᠶ᠎ᠠ ᠪᠣᠯᠤᠨ ᠱᠠᠩᠳᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠮᠲᠤᠷᠠᠨ ᠡᠷᠬᠢᠯᠡᠭᠰᠡᠨ ᠶᠣᠣ ᠰᠠᠭᠤᠷᠢ ᠮᠥᠩᠭᠦ ᠶᠢᠨ ᠰᠢ ᠸᠠᠩ ᠪᠠᠭ᠎ᠠ ᠰᠤᠷᠭᠠᠭᠤᠯᠢ ᠶᠢᠨ ᠰᠠᠭᠰᠤᠨ ᠪᠥᠮᠪᠦᠭᠡ ᠶᠢᠨ ᠤᠯᠠᠷᠢᠯ ᠤᠨ ᠬᠤᠯᠪᠣᠭᠠᠲᠤ ᠤᠷᠤᠯᠳᠤᠭᠠᠨ ᠱᠠᠩᠳᠤ ᠰᠢᠶᠠᠨ ᠤ ᠫᠢᠩ ᠠᠨ ᠪᠠᠭ᠎ᠠ ᠰᠤᠷᠭᠠᠭᠤᠯᠢ ᠳᠤ ᠡᠬᠢᠯᠡᠪᠡ᠃ ᠱᠠᠩᠳᠤ ᠰᠢᠶᠠᠨ ᠤ ᠫᠢᠩ ᠠᠨ ᠪᠠᠭ᠎ᠠ ᠰᠤᠷᠭᠠᠭᠤᠯᠢ᠂ ᠱᠢ ᠵᠢᠢ ᠪᠠᠭ᠎ᠠ ᠰᠤᠷᠭᠠᠭᠤᠯᠢ᠂ ᠴᠦᠨ ᠮᠢᠩ ᠪᠠᠭ᠎ᠠ ᠰᠤᠷᠭᠠᠭᠤᠯᠢ᠂ ᠲᠦᠩ ᠶᠦᠩ ᠪᠠᠭ᠎ᠠ ᠰᠤᠷᠭᠠᠭᠤᠯᠢ᠂ ᠲᠤᠷᠰᠢᠯᠲᠠ ᠶᠢᠨ ᠪᠠᠭ᠎ᠠ ᠰᠤᠷᠭᠠᠭᠤᠯᠢ᠂ ᠢᠦᠢ ᠮᠢᠶᠣᠣ ᠪᠠᠭ᠎ᠠ ᠰᠤᠷᠭᠠᠭᠤᠯᠢ ᠶᠢᠨ ᠡᠯ᠎ᠡ ᠲᠥᠯᠥᠭᠡᠯᠡᠭᠴᠢᠳ ᠤᠨ ᠠᠩᠭᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ᠪᠦᠯᠬᠦᠮᠳᠡᠨ ᠬᠠᠮᠵᠢᠯᠴᠠᠬᠤ᠂ ᠰᠢᠷᠭᠠᠭᠤ ᠬᠠᠲᠠᠭᠤᠵᠢᠯᠲᠠᠶ ᠲᠡᠮᠡᠴᠡᠬᠦ ᠵᠣᠷᠢᠭ ᠰᠠᠨᠠᠭ᠎ᠠ ᠶᠢ ᠭᠦᠶ᠋ᠴᠡᠳ ᠪᠠᠳᠠᠷᠠᠭᠤᠯᠵᠤ᠂ ᠪᠥᠮᠪᠦᠭᠡ ᠳᠠᠮᠵᠢᠭᠤᠯᠬᠤ ᠨᠢ ᠨᠠᠷᠢᠯᠢᠭ ᠣᠨᠣᠴᠠᠲᠠᠶ ᠪᠠᠶᠢᠵᠤ᠂ ᠪᠥᠮᠪᠦᠭᠡ ᠣᠷᠣᠭᠤᠯᠬᠤ ᠨᠢ ᠡᠷᠡᠰ ᠰᠢᠭᠤᠷᠬᠠᠶ ᠪᠠᠶᠢᠵᠤ᠂ ᠬᠡᠪ ᠨᠠᠮᠪᠠ ᠪᠠ ᠬᠢᠷᠢ ᠲᠦᠪᠰᠢᠨ ᠢ ᠢᠯᠡᠷᠡᠭᠦᠯᠦᠭᠰᠡᠨ ᠮᠥᠷᠲᠡᠭᠡᠨ ᠪᠠᠰᠠ ᠭᠦᠨ ᠵᠤᠵᠠᠭᠠᠨ ᠨᠥᠬᠦᠷᠯᠡᠯ ᠢ ᠣᠯᠤᠭᠰᠠᠨ ᠪᠠᠶᠢᠨ᠎ᠠ᠃    ᠡᠪ ᠬᠠᠮᠲᠤ ᠵᠠᠯᠠᠭᠤᠴᠤᠳ ᠤᠨ ᠡᠪᠯᠡᠯ ᠤᠨ ᠱᠠᠩᠳᠤ ᠰᠢᠶᠠᠨ ᠤ ᠬᠤᠷᠢᠶᠠᠨ ᠤ ᠳᠡᠳ᠋ ᠱᠦᠵᠢ ᠪᠢ ᠫᠠᠨ ᠫᠠᠨ ᠬᠡᠯᠡᠭᠰᠡᠨ ᠨᠢ᠄ ︽ᠥᠨᠥᠳᠦᠷ ᠮᠠᠨ ᠤ ᠱᠠᠩᠳᠤ ᠰᠢᠶᠠᠨ ᠤ ᠫᠢᠩ ᠠᠨ ᠪᠠᠭ᠎ᠠ ᠰᠤᠷᠭᠠᠭᠤᠯᠢ ᠳᠤ ᠶᠣᠣ ᠰᠠᠭᠤᠷᠢ ᠮᠥᠩᠭᠦ ᠶᠢᠨ ᠬᠦᠰᠡᠯ ᠪᠠᠭ᠎ᠠ ᠰᠤᠷᠭᠠᠭᠤᠯᠢ ᠶᠢᠨ ᠰᠠᠭᠰᠤᠨ ᠪᠥᠮᠪᠦᠭᠡ ᠶᠢᠨ ᠤᠯᠠᠷᠢᠯ ᠤᠨ ᠱᠠᠩᠳᠤ ᠥᠷᠲᠡᠭᠡ ᠶᠢᠨ ᠬᠤᠯᠪᠣᠭᠠᠲᠤ ᠤᠷᠤᠯᠳᠤᠭᠠᠨ ᠪᠣᠯᠤᠨ᠎ᠠ᠂ ᠶᠣᠣ ᠰᠠᠭᠤᠷᠢ ᠮᠥᠩᠭᠦ ᠶᠢᠨ ᠬᠦᠰᠡᠯ ᠢᠶᠠᠷ ᠪᠠᠭ᠎ᠠ ᠰᠤᠷᠭᠠᠭᠤᠯᠢ ᠶᠢᠨ ᠰᠠᠭᠰᠤᠨ ᠪᠥᠮᠪᠦᠭᠡ ᠶᠢᠨ ᠤᠯᠠᠷᠢᠯ ᠪᠣᠯ ᠲᠤᠰᠬᠠᠶᠢᠯᠠᠨ 13 ᠨᠠᠰᠤ ᠪᠤᠶᠤ 13 ᠨᠠᠰᠤ ᠬᠦᠷᠦᠭᠡᠳᠦᠢ ᠵᠠᠯᠠᠭᠤᠴᠤᠳ ᠪᠠᠭᠠᠴᠤᠳ ᠲᠤ ᠪᠠᠶᠢᠭᠤᠯᠤᠭᠰᠠᠨ ᠰᠠᠭᠰᠤᠨ ᠪᠥᠮᠪᠦᠭᠡ ᠶᠢᠨ ᠬᠥᠳᠡᠯᠭᠡᠭᠡᠨ ᠪᠣᠯᠤᠨ᠎ᠠ᠂ ᠲᠤᠰ ᠤᠳᠠᠭᠠᠨ ᠤ ᠤᠷᠤᠯᠳᠤᠭᠠᠨ ᠢ ᠡᠷᠬᠢᠯᠡᠭᠰᠡᠨ ᠨᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠠᠭᠰᠤᠨ ᠪᠥᠮᠪᠦᠭᠡ ᠶᠢᠨ ᠬᠥᠳᠡᠯᠭᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠠᠶ︾ ᠭᠡᠪᠡ᠃    ᠲᠣᠰ ᠤᠳᠠᠭᠠᠨ ᠤ ᠰᠠᠭᠰᠤᠨ ᠪᠥᠮᠪᠦᠭᠡ ᠶᠢᠨ ᠤᠷᠤᠯᠳᠤᠭᠠᠨ ᠪᠣᠯ ᠰᠤᠷᠤᠭᠴᠢᠳ ᠤᠨ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠪᠠ ᠶᠡᠷᠦᠩᠬᠡᠶᠢᠯᠡᠭᠰᠡᠨ ᠬᠡᠪ ᠴᠢᠨᠠᠷ ᠢ ᠨᠢᠭᠡ ᠤᠳᠠᠭᠠᠨ ᠤ ᠶᠡᠭᠡ ᠰᠢᠯᠭᠠᠨ ᠪᠠᠶᠢᠴᠠᠭᠠᠯᠲᠠ ᠪᠣᠯᠤᠨ᠎ᠠ᠃ ᠪᠦᠬᠦ ᠲᠠᠮᠢᠷᠴᠢᠳ ︽ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ︾ ᠪᠠ ︽ᠪᠦᠯᠬᠦᠮᠳᠡᠯ᠂ ᠨᠥᠬᠦᠷᠯᠡᠯ᠂ ᠲᠠᠪᠰᠢᠯᠳᠠ︾ ᠶᠢᠨ ᠣᠯᠢᠮᠫᠢᠺ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠲᠠᠮᠢᠷᠴᠢᠳ ᠤᠨ ᠰᠠᠬᠢᠬᠤ ᠲᠦᠷᠢᠮ ᠢ ᠵᠢᠱᠢᠶᠡᠴᠢ ᠪᠠᠷ ᠵᠢᠷᠤᠮᠯᠠᠵᠤ᠂ ᠪᠦᠯᠬᠦᠮᠳᠡᠨ ᠬᠠᠮᠵᠢᠯᠴᠠᠵᠤ᠂ ᠡᠷᠡᠯᠬᠡᠭᠯᠡᠨ ᠲᠡᠮᠡᠴᠡᠵᠦ᠂ ᠰᠢᠨ᠎ᠡ ᠴᠠᠭ ᠦᠶ᠎ᠡ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠴᠤᠭ ᠵᠢᠪᠬᠤᠭ᠎ᠠ ᠶᠢ ᠪᠦᠬᠦ ᠲᠠᠯ᠎ᠠ ᠪᠠᠷ ᠢᠯᠡᠷᠡᠭᠦᠯᠵᠦ᠂ ᠤᠷᠤᠯᠳᠤᠭᠠᠨ ᠤ ᠬᠢᠷᠢ ᠪᠦᠲᠦᠮᠵᠢ ᠪᠣᠯᠤᠨ ᠤᠶᠤᠨ ᠤ ᠪᠣᠯᠪᠠᠰᠤᠨ ᠤ ᠬᠤᠣᠰ ᠡᠯᠪᠡᠭ ᠬᠤᠷᠢᠶᠠᠯᠲᠠ ᠶᠢ ᠪᠡᠶᠡᠯᠡᠭᠦᠯᠪᠡ᠃    ︽ᠡᠨᠡ ᠤᠳᠠᠭ᠎ᠠ ᠶᠢᠨ ᠤᠷᠤᠯᠳᠤᠭᠠᠨ ᠢᠶᠠᠷ ᠳᠠᠮᠵᠢᠨ᠂ ᠪᠢ ᠰᠠᠭᠰᠤᠨ ᠪᠥᠮᠪᠦᠭᠡ ᠶᠢᠨ ᠲᠤᠬᠠᠢ ᠮᠠᠰᠢ ᠤᠯᠠᠨ ᠮᠡᠳᠡᠯᠭᠡ ᠶᠢ ᠰᠤᠷᠴᠠᠢ᠂ ᠪᠠᠰᠠ ᠲᠡᠮᠡᠴᠡᠯ ᠤᠨ ᠵᠣᠷᠢᠭ ᠰᠠᠨᠠᠭ᠎ᠠ ᠪᠣᠯᠤᠨ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠣᠶᠢᠯᠠᠭᠠᠵᠠᠢ᠂ ᠪᠢᠳᠡ ᠤᠷᠤᠯᠳᠤᠭᠠᠨ ᠤ ᠲᠠᠯᠠᠪᠤᠷ ᠲᠤ ᠬᠦᠴᠦ ᠬᠥᠯᠥᠰᠥ ᠪᠠᠨ ᠤᠷᠤᠰᠬᠠᠵᠤ᠂ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠪᠠᠶᠠᠷ ᠪᠠᠶᠠᠰᠤᠯ ᠢ ᠡᠳ᠋ᠯᠡᠶ᠎ᠡ︾ ᠭᠡᠵᠦ ᠱᠠᠩᠳᠤ ᠰᠢᠶᠠᠨ ᠤ ᠲᠤᠷᠰᠢᠯᠲᠠ ᠶᠢᠨ ᠪᠠᠭ᠎ᠠ ᠰᠤᠷᠬᠠᠬᠤᠯᠢ ᠶᠢᠨ ᠵᠢᠷᠬᠤᠳᠤᠬᠠᠷ ᠣᠨ ︵2︶ ᠤᠨ ᠠᠩᠭᠢ ᠶᠢᠨ ᠰᠤᠷᠤᠭᠴᠢ ᠭᠦᠸᠧ ᠶᠠ ᠵᠢᠩ ᠪᠠᠶᠠᠷᠲᠠᠶ ᠬᠡᠯᠡᠪᠡ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2