ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠭᠤᠷᠪᠠᠨ ᠰᠠᠯᠠᠭ᠎ᠠ ᠮᠥᠴᠢᠷ ᠬᠠᠮᠲᠤᠷᠠᠨ ᠡᠯᠧᠺᠳ᠋ᠷᠣᠨ ᠬᠤᠳᠠᠯᠳᠤᠭᠠᠨ ᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠭᠡᠨᠡᠳᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/5/22
  ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 11 ᠤ ᠡᠳᠦᠷ ᠠᠴᠠ 14 ᠤ ᠡᠳᠦᠷ ᠪᠣᠯᠲᠠᠯ᠎ᠠ᠂ ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠭᠤᠷᠪᠠᠨ ᠰᠠᠯᠠᠭ᠎ᠠ ᠮᠥᠴᠢᠷ ᠬᠠᠮᠲᠤᠷᠠᠨ ᠬᠠᠷᠢᠶᠠᠲᠤ ᠣᠷᠣᠨ ᠤ ᠳᠣᠲᠣᠷᠠᠬᠢ ᠡᠯᠧᠺᠳ᠋ᠷᠣᠨ ᠬᠤᠳᠠᠯᠳᠤᠭᠠᠨ ᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠭᠡᠨᠡᠳᠲᠡ ᠶᠢᠨ ᠪᠠᠶᠢᠴᠠᠭᠠᠯᠲᠠ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠠᠵᠤ ᠠᠬᠤᠶᠢᠯᠠᠯ ᠤᠨ ᠰᠢᠭᠤᠳ ᠨᠡᠪᠲᠡᠷᠡᠭᠦᠯᠭᠡ ᠶᠢᠨ ᠲᠠᠩᠰᠠᠨ ᠨᠣᠮᠧᠷ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠪᠥᠬᠦ ᠶᠠᠪᠤᠴᠠ᠂ ᠰᠢᠭᠤᠳ ᠨᠡᠪᠲᠡᠷᠡᠭᠦᠯᠬᠦ ᠪᠣᠷᠣᠯᠠᠭᠤᠯᠭ᠎ᠠ ᠶᠢᠨ ᠦᠶ᠋ᠯᠡᠳᠬᠦᠨ ᠢ ᠲᠤᠬᠠᠶ ᠶᠢᠨ ᠲᠠᠯᠠᠪᠠᠶ ᠳᠤ ᠪᠠᠶᠢᠴᠠᠭᠠᠭᠰᠠᠨ ᠪᠥᠭᠡᠳ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠣᠰ ᠭᠠᠵᠠᠷ ᠤᠨ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠢᠯ ᠲᠥᠷᠥᠯ ᠤᠨ ᠣᠳᠣᠬᠢ ᠪᠠᠶᠢᠳᠠᠯ᠂ ᠲᠤᠯᠭᠠᠷᠠᠵᠤ ᠪᠠᠶᠢᠭ᠎ᠠ ᠬᠦᠴᠢᠷᠳᠡᠯ ᠢ ᠣᠶᠢᠯᠠᠭᠠᠭᠰᠠᠨ ᠪᠥᠭᠡᠳ ᠠᠵᠤ ᠠᠬᠤᠶᠢᠯᠠᠯ ᠳᠤ ᠵᠠᠰᠠᠭ ᠤᠨ ᠣᠷᠳᠣᠨ ᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶ᠋ᠳᠪᠦᠷᠢᠯᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠪᠠ᠃    ᠪᠠᠶᠢᠴᠠᠭᠠᠬᠤ ᠳᠤᠭᠤᠶᠢᠯᠠᠩ ᠠᠴᠠ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠤ ᠠᠬᠤᠶᠢᠯᠠᠯ᠂ ᠨᠢᠭᠡ ᠳᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠤᠤᠯ ᠨᠡᠪᠲᠡᠷᠡᠭᠦᠯᠭᠡ ᠵᠢᠴᠢ ᠰᠢᠭᠤᠳ ᠨᠡᠪᠲᠡᠷᠡᠭᠦᠯᠭᠡ ᠶᠢᠨ ᠠᠭᠤᠯᠭ᠎ᠠ ᠶᠢᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠵᠦ᠂ ᠨᠡᠯᠢᠶᠡᠳ ᠥᠨᠳᠥᠷ ᠲᠤᠰᠬᠠᠶ ᠮᠡᠷᠭᠡᠵᠢᠯ ᠤᠨ ᠬᠢᠷᠢ ᠲᠦᠪᠰᠢᠨ ᠪᠥᠬᠦᠶ ᠰᠢᠭᠤᠳ ᠨᠡᠪᠲᠡᠷᠡᠭᠦᠯᠭᠡ ᠶᠢᠨ ᠠᠭᠤᠯᠭ᠎ᠠ ᠳᠤ ᠭᠤᠤᠯ ᠨᠡᠪᠲᠡᠷᠡᠭᠦᠯᠭᠡ ᠨᠢ ᠵᠣᠬᠢᠬᠤ ᠠᠵᠢᠯ ᠡᠷᠭᠢᠯᠡᠬᠦ ᠬᠢᠷᠢ ᠬᠡᠮ ᠤᠯᠬᠤ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ ᠪᠣᠷᠣᠯᠠᠭᠤᠯᠤᠭᠰᠠᠨ ᠦᠢᠯᠡᠳᠬᠦᠨ ᠨᠢ ᠶᠠᠰᠤ ᠴᠢᠨᠠᠷ ᠤᠨ ᠱᠠᠭᠠᠷᠳᠠᠯᠭ᠎ᠠ ᠶᠢ ᠬᠠᠩᠭᠠᠵᠤ᠂ ᠢᠷᠡᠯᠲᠡ ᠨᠢ ᠬᠠᠤᠯᠢ ᠳᠤ ᠨᠡᠶᠢᠴᠡᠭᠰᠡᠨ ᠪᠠᠶᠢᠬᠤ ᠬᠡᠷᠡᠭᠲᠡᠶ᠂ ᠲᠠᠸᠠᠷ ᠲᠤ ᠪᠤᠷᠤᠭᠤ ᠣᠶᠢᠯᠠᠭᠠᠭᠤᠯᠬᠤ ᠬᠤᠳᠠᠯ ᠬᠠᠭᠤᠷᠮᠠᠭ ᠤᠬᠠᠭᠤᠯᠭ᠎ᠠ ᠬᠢᠵᠦ ᠪᠣᠯᠬᠤ ᠦᠭᠡᠢ᠂ ᠦᠢᠯᠡᠳᠬᠦᠨ ᠤ ᠤᠬᠠᠭᠤᠯᠭ᠎ᠠ ᠶᠢᠨ ᠦᠢᠯᠡᠳᠦᠯ ᠢ ᠶᠡᠬᠡᠰᠬᠡᠵᠦ ᠪᠣᠯᠬᠤ ᠦᠭᠡᠢ᠃ ᠭᠤᠷᠪᠠ ᠳᠤ᠂ ᠰᠢᠭᠤᠳ ᠨᠡᠪᠲᠡᠷᠡᠭᠦᠯᠭᠡ ᠶᠢᠨ ᠲᠠᠰᠤᠭ ᠲᠤ ᠱᠠᠯᠢᠭ ᠵᠠᠪᠬᠠᠶ᠂ ᠬᠦᠴᠦᠷᠬᠡᠭᠯᠡᠯ᠂ ᠪᠣᠯᠬᠢ ᠵᠡᠷᠭᠡ ᠮᠠᠭᠤ ᠠᠭᠤᠯᠭ᠎ᠠ ᠶᠢ ᠭᠤᠤᠯᠯᠠᠨ ᠨᠡᠶᠢᠲᠡᠯᠡᠵᠦ ᠪᠣᠯᠬᠤ ᠥᠬᠡᠶ᠂ ᠬᠤᠳᠠᠯ ᠬᠠᠭᠤᠷᠮᠠᠭ᠂ ᠭᠤᠷᠪᠠ ᠥᠬᠡᠶ ᠦᠢᠯᠡᠳᠬᠦᠨ ᠬᠤᠳᠠᠯᠳᠤᠬᠤ ᠶᠢ ᠴᠠᠭᠠᠵᠠᠯᠠᠵᠤ᠂ ᠬᠠᠷᠢᠶᠠᠨ ᠳᠣᠷᠣᠮᠵᠢᠯᠠᠬᠤ᠂ ᠢᠳᠡᠪᠬᠢ ᠪᠤᠰᠤ ᠰᠡᠳᠦᠪ ᠢ ᠳᠠᠮᠵᠢᠭᠤᠯᠬᠤ ᠶᠢ ᠴᠠᠭᠠᠵᠠᠯᠠᠨ᠎ᠠ᠃ ᠰᠢᠭᠤᠳ ᠨᠡᠪᠲᠡᠷᠡᠭᠦᠯᠭᠡ ᠶᠢᠨ ᠠᠵᠢᠯ ᠲᠥᠷᠥᠯ ᠤᠨ ᠲᠥᠪ ᠭᠤᠣᠯᠴᠢ ᠪᠠᠷ ᠥᠷᠢᠰᠥᠯᠳᠦᠬᠦ ᠡᠮᠬᠢ ᠵᠢᠷᠤᠮ ᠢ ᠦᠨᠡᠨ ᠬᠦ ᠬᠠᠮᠠᠭᠠᠯᠠᠵᠤ᠂ ᠰᠦᠯᠵᠢᠶᠡᠨ ᠤ ᠠᠷᠠᠯᠵᠢᠶᠠᠨ ᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2