ᠱᠠᠩᠳᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽ᠬᠠᠮᠤᠭ ᠤᠨ ᠭᠤᠶᠣ ᠬᠡᠷ ᠤᠨ ᠰᠤᠷᠲᠠᠯ ᠲᠦᠮᠡᠨ ᠡᠷᠦᠬᠡ︾ ᠶᠢᠨ ᠬᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠥᠯᠢᠭᠡᠷ ᠢ ᠬᠤᠪᠢᠶᠠᠯᠴᠠᠬᠤ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/5/22
  ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠭᠡᠷ ᠪᠦᠯᠢ ᠶᠢᠨ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ ᠤᠯᠠᠨ ᠤᠯᠤᠰ ᠤᠨ ᠭᠡᠷ ᠪᠦᠯᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ 5 ᠰᠠᠷ᠎ᠠ ᠶᠢᠨ 13 ᠤ ᠡᠳᠦᠷ᠂ ᠱᠠᠩᠳᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽ᠬᠠᠮᠤᠭ ᠤᠨ ᠭᠤᠶᠤ ᠭᠡᠷ ᠤᠨ ᠰᠤᠷᠲᠠᠯ ᠲᠦᠮᠡᠨ ᠭᠡᠷ ᠢᠶᠠᠨ ᠤᠮᠳᠠᠯᠠᠬᠤ︾ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠢ ᠬᠤᠪᠢᠶᠠᠯᠴᠠᠬᠤ ᠬᠤᠷᠠᠯ ᠢ ᠡᠷᠬᠢᠯᠡᠪᠡ᠃    ᠬᠤᠷᠠᠯ ᠳᠡᠭᠡᠷ᠎ᠡ᠂ ᠪᠦᠬᠦ ᠰᠢᠶᠠᠨ ᠤ ᠬᠠᠮᠤᠭ ᠤᠨ ᠭᠤᠶᠤ ᠭᠡᠷ ᠪᠦᠯᠢ ᠵᠢᠴᠢ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯᠲᠠᠨ ᠤ ᠲᠥᠯᠥᠭᠡᠯᠡᠭᠴᠢ ᠲᠤᠰ ᠲᠤᠰ ᠤᠨ ᠭᠡᠷ ᠪᠦᠯᠢ ᠶᠢᠨ ᠦᠯᠢᠭᠡᠷ ᠪᠠ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠶᠠᠷᠢᠬᠤ ᠪᠠᠷ ᠳᠠᠮᠵᠢᠭᠤᠯᠤᠨ᠂ ᠠᠳᠠᠯᠢ ᠪᠤᠰᠤ ᠬᠠᠷᠠᠭᠠᠰᠤ ᠠᠴᠠ ᠠᠮᠢᠳᠤᠷᠠᠯ ᠢ ᠬᠠᠶᠢᠷᠠᠯᠠᠵᠤ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠠᠵᠢᠯᠴᠢ ᠠᠷᠪᠢᠴᠢ ᠪᠠᠷ ᠠᠵᠤ ᠲᠦᠷᠦᠭᠦ ᠵᠡᠷᠭᠡ ᠳᠤᠮᠳᠠᠳᠤ ᠶᠢᠨ ᠭᠡᠷ ᠪᠦᠯᠢ ᠶᠢᠨ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠵᠤ᠂ ᠲᠤᠰ ᠤᠳᠠᠭᠠᠨ ᠤ ᠬᠤᠷᠠᠯ ᠨᠢ ᠥᠷᠭᠡᠨ ᠣᠯᠠᠨ ᠡᠮᠡᠭᠲᠡᠶᠢᠴᠦᠳ ᠢ ᠬᠥᠲᠥᠯᠥᠨ ᠵᠢᠯᠣᠭᠤᠳᠴᠤ ᠬᠠᠷᠢᠭᠤᠴᠠᠯᠭ᠎ᠠ ᠶᠢ ᠡᠭᠦᠷᠭᠡᠯᠡᠭᠦᠯᠵᠦ ᠂ ᠪᠣᠯᠪᠠᠰᠤᠨ ᠬᠡᠪ ᠰᠤᠷᠲᠠᠯ ᠤᠨ ᠰᠠᠨᠠᠭᠠᠴᠢᠯᠠᠭᠴᠢ ᠪᠣᠯᠭᠠᠵᠤ᠂ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠳᠤ ᠭᠡᠷ ᠤᠨ ᠰᠤᠷᠲᠠᠯ ᠢ ᠤᠯᠠᠮᠵᠢᠯᠠᠵᠤ᠂ ᠲᠥᠪ ᠰᠤᠷᠲᠠᠯ ᠢ ᠪᠠᠳᠠᠷᠠᠭᠤᠯᠵᠤ᠂ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠭᠡᠷ ᠤᠨ ᠬᠥᠮᠦᠰ ᠢᠶᠠᠨ ᠳᠠᠶᠢᠴᠢᠯᠠᠨ ᠨᠡᠶᠢᠭᠡᠮ ᠤᠨ ᠰᠠᠶᠢᠨ ᠡᠷᠬᠡᠲᠦ ᠠᠷᠠᠳ᠂ ᠪᠠᠶᠢᠭᠤᠯᠭ᠎ᠠ ᠶᠢᠨ ᠰᠠᠶᠢᠨ ᠠᠵᠢᠯᠲᠠᠨ ᠠᠵᠢᠯᠴᠢᠨ᠂ ᠭᠡᠷ ᠪᠦᠯᠢ ᠶᠢᠨ ᠰᠠᠶᠢᠨ ᠪᠦᠷᠢᠯᠳᠦᠬᠦᠨ ᠪᠣᠯᠭᠠᠵᠤ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠬᠤ᠂ ᠥᠭᠡᠳᠡᠯᠡᠨ ᠳᠠᠪᠰᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠯᠪᠠᠰᠤᠨ ᠰᠢᠨ᠎ᠡ ᠬᠡᠪ ᠰᠤᠷᠲᠠᠯ ᠢ ᠲᠦᠭ ᠲᠦᠮᠡᠨ ᠠᠶᠢᠯ ᠡᠷᠦᠬᠡ ᠳᠤ ᠳᠡᠯᠭᠡᠷᠡᠵᠦ᠂ ︽ᠪᠠᠭ᠎ᠠ ᠭᠡᠷ︾ ᠢᠶᠠᠷ ︽ᠣᠯᠠᠨ︾ ᠢ ᠳᠠᠭᠠᠭᠤᠯᠵᠤ᠂ ᠪᠦᠬᠦ ᠨᠡᠶᠢᠭᠡᠮ ᠤᠨ ᠶᠣᠰᠣ ᠰᠤᠷᠲᠠᠬᠤᠨ ᠢ ᠡᠷᠬᠢᠮᠯᠡᠨ ᠰᠠᠶᠢᠨ ᠰᠠᠶᠢᠬᠠᠨ ᠢ ᠡᠷᠬᠢᠮᠯᠡᠵᠦ᠂ ᠶᠣᠰᠣ ᠰᠤᠷᠲᠠᠬᠤᠨ ᠢ ᠡᠷᠬᠢᠮᠯᠡᠬᠦ ᠶᠢ ᠠᠬᠢᠭᠤᠯᠬᠤ ᠶᠢᠨ ᠲᠥᠯᠥᠭᠡ ᠶᠤᠮ᠃    ᠬᠡᠰᠡᠭ ᠤᠳᠬ᠎ᠠ ᠤᠷᠠᠯᠢᠭ ᠤᠨ ᠠᠵᠢᠯᠲᠠᠨ ᠪᠣᠯᠤᠨ ᠤᠳᠬ᠎ᠠ ᠤᠷᠠᠯᠢᠭ ᠤᠨ ᠪᠦᠯᠬᠦᠮ ᠬᠤᠷᠠᠯ ᠳᠡᠭᠡᠷ᠎ᠡ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠣᠯᠠᠨ ᠶᠠᠩᠵᠤ ᠶᠢᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠮᠠᠨ ᠤ ᠰᠢᠶᠠᠨ ᠤ ᠥᠷᠭᠡᠨ ᠣᠯᠠᠨ ᠲᠦᠮᠡᠨ ᠤ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠬᠤ᠂ ᠥᠭᠡᠳᠡᠯᠡᠨ ᠲᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃    ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠵᠢᠯᠴᠢᠨ ᠤ ᠡᠪᠯᠡᠯ ᠵᠢᠴᠢ ᠡᠪᠯᠡᠯ ᠤᠨ ᠰᠢᠶᠠᠨ ᠤ ᠬᠤᠷᠢᠶ᠎ᠠ ᠵᠡᠷᠭᠡ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2