ᠱᠠᠩᠳᠤ ᠰᠢᠶᠠᠨ ︽ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠬᠥᠳᠡᠭᠡ ᠲᠣᠰᠬᠤᠨ ᠤ ᠠᠶᠠᠯᠠᠯ︾ ᠤᠨ ᠢᠷᠭᠡᠨ ᠤ ᠬᠠᠤᠯᠢ ᠶᠢᠨ ᠪᠢᠴᠢᠭ ᠤᠨ ᠤᠷᠤᠭ ᠭᠡᠷ ᠪᠦᠯᠢ ᠶᠢᠨ ᠬᠠᠤᠯᠢ ᠴᠠᠭᠠᠵᠠ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠥᠷᠨᠢᠭᠦᠯᠪᠡ
ᠨᠡᠶᠢᠲᠡᠯᠡᠭᠰᠡᠨ ᠴᠠᠭ᠄
2024/5/22
   ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠤᠬᠠᠮᠰᠠᠷ ᠪᠠ ᠤᠷᠤᠭ ᠭᠡᠷ ᠪᠦᠯᠢ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠦᠭᠴᠢ ᠶᠢᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠪᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 16 ᠤ ᠡᠳᠦᠷ᠂ ᠱᠠᠩᠳᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ︽ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠬᠥᠳᠡᠭᠡ ᠲᠣᠰᠬᠤᠨ ᠤ ᠠᠶᠠᠯᠠᠯ︾ ᠤᠨ ᠢᠷᠭᠡᠨ ᠤ ᠬᠠᠤᠯᠢ ᠶᠢᠨ ᠪᠢᠴᠢᠭ ᠤᠨ ᠭᠡᠷ ᠪᠦᠯᠢ ᠶᠢᠨ ᠬᠠᠤᠯᠢ ᠴᠠᠭᠠᠵᠠ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠥᠷᠨᠢᠭᠦᠯᠪᠡ᠃    ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠡᠷᠬᠢᠯᠡᠭᠴᠢ ᠳ᠋ᠦ᠋ ᠶᠢᠩ ᠹᠠᠩ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠤᠷᠤᠭ ᠭᠡᠷ ᠪᠦᠯᠢ ᠶᠢᠨ ᠬᠠᠤᠯᠢ ᠴᠠᠭᠠᠵᠠ ᠶᠢᠨ ᠮᠡᠳᠡᠯᠭᠡ᠂ ᠬᠠᠮᠲᠤ ᠶᠢᠨ ᠡᠳ᠋ ᠬᠥᠷᠥᠩᠭᠡ ᠪᠠ ᠬᠠᠮᠲᠤ ᠶᠢᠨ ᠥᠷᠢ ᠥᠭᠴᠡᠭᠡ ᠵᠢᠴᠢ ᠤᠷᠤᠭ ᠰᠠᠯᠬᠤ ᠶᠢ ᠯᠠᠪᠳᠠᠭᠤᠨ ᠲᠣᠭᠲᠠᠭᠤᠨ ᠬᠤᠭᠤᠴᠠᠭ᠎ᠠ ᠵᠡᠷᠭᠡ ᠨᠡᠶᠢᠭᠡᠮ ᠤᠨ ᠬᠠᠯᠠᠮᠰᠢᠯ ᠠᠰᠠᠭᠤᠳᠠᠯ ᠤᠨ ᠲᠣᠭᠤᠷᠢᠨ ᠳᠤ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠯᠲᠠ ᠬᠢᠪᠠ᠃ ᠱᠠᠩᠳᠤ ᠰᠢᠭᠦᠬᠦ ᠬᠤᠷᠢᠶ᠎ᠠ ᠶᠢᠨ ᠵᠠᠷᠭᠤ ᠶᠢᠨ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠥᠪ ᠤᠨ ᠡᠷᠬᠢᠯᠡᠭᠴᠢ ᠯᠢ ᠲᠢᠩ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠲᠠᠶᠢᠯᠤᠮᠵᠢ ᠶᠢᠨ ᠬᠡᠯᠪᠡᠷᠢ ᠪᠠᠷ ︽ᠢᠷᠭᠡᠨ ᠤ ᠬᠠᠤᠯᠢ ᠶᠢᠨ ᠪᠢᠴᠢᠭ︾ ᠤᠨ ᠤᠷᠤᠭ ᠭᠡᠷ ᠪᠦᠯᠢ ᠶᠢᠨ ᠨᠠᠶᠢᠷᠠᠭᠤᠯᠤᠭᠰᠠᠨ ᠬᠠᠤᠯᠢ ᠴᠠᠭᠠᠵᠠ ᠶᠢᠨ ᠵᠦᠢᠯ ᠵᠤᠷᠪᠤᠰ ᠢ ᠵᠠᠳᠠᠯᠵᠤ᠂ ᠤᠯᠠᠨ ᠢ ᠬᠥᠲᠥᠯᠥᠨ ᠵᠢᠯᠣᠭᠤᠳᠴᠤ ᠬᠠᠤᠯᠢ ᠴᠠᠭᠠᠵᠠ ᠶᠢᠨ ᠵᠡᠪᠰᠡᠭ ᠢᠶᠠᠷ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠭᠠᠪᠠ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠡᠮᠡᠭᠲᠡᠶᠢᠴᠦᠳ ᠤᠨ ᠬᠠᠤᠯᠢ ᠶᠢ ᠵᠢᠷᠤᠮᠯᠠᠬᠤ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠲᠤᠪᠠᠷ ᠬᠠᠯᠠᠮᠵᠢᠯᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃    ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠠᠤᠯᠢ ᠴᠠᠭᠠᠵᠠ ᠶᠢᠨ ᠲᠣᠪᠴᠢᠶ᠎ᠠ᠂ ᠰᠢᠭᠦᠬᠦ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠵᠢᠴᠢ ᠤᠷᠤᠭ ᠭᠡᠷ ᠪᠦᠯᠢ ᠶᠢᠨ ᠬᠡᠰᠡᠭ ᠵᠢᠭᠤᠷᠠᠯᠳᠤᠭᠠᠨ ᠤ ᠠᠷᠠᠳ ᠤᠨ ᠡᠶᠡᠳᠡᠭᠦᠯᠦᠭᠴᠢ 40 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2