ᠱᠠᠩᠳᠤ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠬᠥᠮᠥᠡᠯᠢᠭ ᠣᠶᠤᠨ ᠰᠠᠨᠠᠭᠠᠨ ᠤ ᠣᠷᠣᠰᠢᠨ ᠲᠣᠭᠲᠠᠨᠢᠬᠤ︾ ᠪᠠᠷ ᠭᠤᠤᠯ ᠰᠡᠳᠦᠪ ᠪᠣᠯᠭᠠᠭᠰᠠᠨ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠠᠷᠠᠭ︾ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
 ᠣᠶᠢᠷ᠎ᠠ ᠳᠤ᠂ ᠱᠠᠩᠳᠤ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠱᠦᠢ ᠬᠤᠢ ᠨᠡᠶᠢᠭᠡᠮ ᠲᠣᠭᠤᠷᠢᠭ ᠤᠨ ᠲᠦᠭᠡᠮᠡᠯ ᠬᠠᠶᠢᠷ᠎ᠠ ᠶᠢᠨ ᠭᠡᠷ ᠣᠷᠣᠨ ᠳᠤ ︽ᠬᠥᠮᠥᠡᠯᠢᠭ ᠵᠣᠷᠢᠭ ᠰᠠᠨᠠᠭᠠᠨ ᠤ ᠠᠮᠢᠵᠢᠷᠠᠯ ᠤᠨ ᠬᠦᠴᠦᠨ︾ ᠢᠶᠠᠷ ᠭᠤᠤᠯ ᠰᠡᠳᠦᠪ ᠪᠣᠯᠭᠠᠭᠰᠠᠨ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠠᠷᠠᠭ︾ ᠤᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠨᠢ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢᠨ ᠪᠣᠯᠪᠠᠰᠤᠷᠠᠭᠤᠯᠤᠯ᠂ ᠨᠠᠰᠤᠲᠠᠶᠢᠴᠤᠳ ᠤᠨ ᠦᠢᠯᠡᠴᠢᠯᠡᠭᠡ᠂ ︽ᠭᠤᠷᠪᠠᠨ ᠬᠠᠨᠳᠢᠪᠯᠠᠯ︾ ᠤᠨ ᠤᠬᠠᠭᠤᠯᠭ᠎ᠠ᠂ ᠬᠥᠮᠦᠯᠢᠭ ᠳᠠᠮᠵᠢᠭᠤᠯᠭ᠎ᠠ ᠵᠢᠴᠢ ᠣᠯᠠᠨ ᠲᠦᠮᠡᠨ ᠤ ᠪᠢᠴᠢᠯ ᠬᠦᠰᠡᠯ ᠡᠷᠡᠮᠡᠯᠵᠡᠯ ᠢ ᠴᠤᠭᠯᠠᠭᠤᠯᠬᠤ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠶᠠᠪᠤᠭᠳᠠᠪᠠ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠯᠠᠭᠠᠨ ᠵᠠᠭᠠᠯᠮᠠᠶᠢᠲᠠᠨ ᠤ ᠨᠡᠶᠢᠭᠡᠮ ᠲᠣᠭᠤᠷᠢᠭ ᠤᠨ ᠬᠢᠴᠢᠶᠡᠯ ᠤᠨ ᠲᠠᠩᠬᠢᠮ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ ᠤᠨ ᠲᠠᠶᠢᠯᠤᠮᠵᠢ ᠬᠢᠵᠦ᠂ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠵᠢᠯᠯᠠᠭᠠᠨ ᠤ ᠶᠠᠪᠤᠴᠠ᠂ ᠬᠠᠶᠢᠮᠤ ᠲᠦᠷᠭᠡᠨ ᠠᠪᠤᠷᠠᠯᠲᠠ ᠶᠢᠨ ᠠᠷᠭ᠎ᠠ᠂ ᠰᠢᠷᠬ᠎ᠠ ᠶᠢ ᠪᠣᠭᠤᠬᠤ ᠵᠡᠷᠭᠡ ᠲᠦᠷᠭᠡᠨ ᠠᠪᠤᠷᠠᠬᠤ ᠤᠷ᠎ᠠ ᠴᠢᠳᠠᠪᠤᠷᠢ ᠶᠢᠨ ᠲᠤᠬᠠᠶ ᠲᠠᠶᠢᠯᠤᠮᠵᠢ ᠬᠢᠭᠰᠡᠨ ᠪᠥᠭᠡᠳ ᠰᠠᠭᠤᠭᠠᠯᠢ ᠠᠷᠠᠳ ᠢ ᠵᠢᠯᠣᠭᠤᠳᠤᠨ ᠲᠤᠬᠠᠶ ᠶᠢᠨ ᠲᠠᠯᠠᠪᠤᠷ ᠤᠨ ᠪᠣᠳᠠᠲᠠᠶ ᠪᠣᠯᠪᠠᠰᠤᠷᠠᠯ ᠬᠢᠭᠰᠡᠨ ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠨᠡᠶᠢᠭᠡᠮ ᠲᠣᠭᠤᠷᠢᠭ ᠤᠨ ᠪᠢᠴᠢᠯ ᠪᠠᠶᠢᠴᠠᠭᠠᠯᠲᠠ ᠶᠢᠨ ᠥᠷᠲᠡᠭᠡ ᠳᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠦᠢᠯᠡᠴᠢᠯᠡᠭᠡ ᠶᠢ ᠥᠷᠨᠢᠭᠦᠯᠵᠦ᠂ ᠰᠠᠭᠤᠭᠠᠯᠢ ᠠᠷᠠᠳ ᠲᠤ 173 ᠬᠥᠮᠦᠨ ᠤᠳᠠᠭ᠎ᠠ ᠦᠢᠯᠡᠴᠢᠯᠡᠪᠡ᠃    ᠠᠵᠢᠯᠯᠠᠭ᠎ᠠ ᠶᠢᠨ ᠬᠤᠭᠤᠴᠠᠭᠠᠨ ᠳᠤ᠂ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ ᠵᠢᠴᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠲᠤ ᠬᠥᠮᠦᠯᠢᠭ ᠰᠣᠶᠣᠯ ᠢ ᠤᠯᠠᠮᠵᠢᠯᠠᠬᠤ ᠪᠠ ︽ᠭᠤᠷᠪᠠᠨ ᠬᠠᠨᠳᠢᠪᠯᠠᠯ︾ ᠤᠨ ᠮᠡᠳᠡᠯᠭᠡ ᠶᠢᠨ ᠤᠬᠠᠭᠤᠯᠭ᠎ᠠ ᠬᠢᠵᠡᠶ᠃ ᠡᠭᠦᠨ ᠤ ᠬᠠᠮᠲᠤ ︽ᠪᠢᠴᠢᠯ ᠬᠦᠰᠡᠯ ᠢᠶᠠᠷ ᠺᠠᠷᠲ ᠴᠤᠭᠯᠠᠭᠤᠯᠬᠤ ᠺᠠᠷᠲ︾ ᠲᠠᠷᠬᠠᠭᠠᠵᠤ ᠣᠯᠠᠨ ᠲᠦᠮᠡᠨ ᠤ ᠪᠢᠴᠢᠯ ᠬᠦᠰᠡᠯ ᠢ 11 ᠵᠤᠷᠪᠤᠰ ᠴᠤᠭᠯᠠᠭᠤᠯᠬᠤ ᠶᠢᠨ ᠬᠠᠮᠲᠤ ᠬᠢᠵᠠᠭᠠᠷᠯᠠᠭᠰᠠᠨ ᠡᠳᠦᠷ ᠬᠤᠭᠤᠴᠠᠭᠠᠨ ᠳᠤ ᠬᠠᠷᠢᠭᠤᠯᠲᠠ ᠥᠭᠪᠡ᠃    ᠡᠭᠦᠨ ᠤ ᠬᠠᠮᠲᠤ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠰᠤᠨ ᠤᠶᠢᠯ ᠨᠡᠶᠢᠭᠡᠮ ᠲᠣᠭᠤᠷᠢᠭ᠂ ᠱᠠᠩ ᠬᠠᠢ ᠨᠡᠶᠢᠭᠡᠮ ᠲᠣᠭᠤᠷᠢᠭ ᠲᠠᠢ ᠬᠠᠮᠲᠤᠷᠠᠨ ᠤᠰᠤᠨ ᠤᠶᠢᠯ ᠠᠭᠤᠳᠠᠮ ᠲᠠᠯᠠᠪᠠᠢ ᠳᠤ ᠤᠳᠬ᠎ᠠ ᠤᠷᠠᠯᠢᠭ ᠤᠨ ᠲᠠᠪᠴᠠᠩ ᠪᠠᠶᠢᠭᠤᠯᠬᠤ ᠬᠡᠯᠪᠡᠷᠢ ᠪᠠᠷ ︽5.12 ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠳᠦᠷ︾ ᠵᠢᠴᠢ ︽ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ ᠶᠢᠨ ᠤᠬᠠᠭᠤᠯᠭ᠎ᠠ ᠶᠢᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠥᠷᠨᠢᠭᠦᠯᠪᠡ᠃    ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ ᠳᠡᠯᠭᠡᠷᠡᠭᠦᠯᠵᠦ᠂ ᠤᠯᠠᠭᠠᠨ ᠵᠠᠭᠠᠯᠮᠠᠶᠢᠲᠠᠨ ᠤ ︽ᠲᠦᠭᠡᠮᠡᠯ ᠬᠠᠶᠢᠷ᠎ᠠ ᠶᠢᠨ ᠬᠡᠷ ᠣᠷᠣᠨ︾ ᠤ ᠪᠠᠭᠤᠷᠠᠶᠢᠴᠤᠤᠯ ᠢ ᠬᠠᠯᠠᠮᠵᠢᠯᠠᠨ ᠬᠠᠶᠢᠷᠠᠯᠠᠬᠤ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠂ ᠥᠷᠭᠡᠨ ᠣᠯᠠᠨ ᠰᠠᠭᠤᠭᠠᠯᠢ ᠠᠷᠠᠳ ᠲᠤ ᠨᠠᠮ ᠤᠨ ᠠᠴᠢ ᠳᠤ ᠭᠦᠨ ᠲᠠᠯᠠᠷᠬᠠᠬᠤ ᠴᠢᠩ ᠦᠨᠡᠨᠴᠢ ᠰᠡᠳᠬᠢᠯᠭᠡ ᠶᠢ ᠵᠤᠵᠠᠭᠠᠳᠬᠠᠵᠤ᠂ ᠨᠠᠮ ᠤᠨ ᠦᠭᠡ ᠶᠢ ᠰᠣᠨᠣᠰᠬᠤ ᠠᠵᠢᠯᠯᠠᠭᠠᠨ ᠤ ᠤᠬᠠᠮᠰᠠᠷ ᠢ ᠨᠡᠮᠡᠭᠳᠡᠭᠦᠯᠦᠨ᠂ ᠨᠠᠮ ᠢᠶᠠᠨ ᠳᠠᠭᠠᠬᠤ ᠢᠲᠡᠭᠡᠯ ᠵᠣᠷᠢᠭ ᠢ ᠪᠠᠲᠤ ᠪᠠᠬᠢ ᠪᠣᠶ ᠪᠣᠯᠭᠠᠪᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2