ᠱᠠᠩᠳᠤ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ︾ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
  ︽ᠵᠡᠮᠳᠡᠭᠴᠦᠳ ᠢ ᠬᠠᠶᠢᠷᠠᠯᠠᠨ ᠬᠠᠯᠠᠮᠵᠢᠯᠠᠵᠤ᠂ ᠵᠡᠮᠳᠡᠭᠴᠦᠳ ᠲᠤ ᠦᠢᠯᠡᠴᠢᠯᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ ᠪᠠᠭ᠎ᠠ ᠪᠠᠷ ᠡᠬᠢᠯᠡᠨ ᠬᠢᠬᠦ ᠬᠡᠷᠡᠭᠲᠡᠢ︾᠃ 5 ᠰᠠᠷ᠎ᠠ ᠶᠢᠨ 18 ᠤ ᠡᠳᠦᠷ᠂ 34 ᠳ᠋ᠦ᠋ᠭᠡᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠱᠠᠩᠳᠤ ᠰᠢᠶᠠᠨ ᠤ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠤᠯᠠᠭᠠᠨᠮᠥ᠋ᠴᠢᠷ ᠵᠢᠴᠢ ᠰᠡᠳᠬᠢᠯ ᠨᠢᠭᠡᠳᠦᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠬᠠᠮᠲᠤᠷᠠᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠲᠤᠰᠠᠯᠠᠬᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ · ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠮ ᠲᠡᠷᠭᠡ ᠶᠢᠨ ᠲᠦᠮᠡᠨ ᠭᠠᠵᠠᠷ ᠤᠨ ᠠᠶᠠᠯᠠᠯ︾ ᠭᠡᠬᠦ ᠭᠤᠤᠯ ᠰᠡᠳᠦᠪᠲᠦ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃    ᠲᠤᠬᠠᠶ ᠶᠢᠨ ᠡᠳᠦᠷ᠂ ᠠᠵᠢᠯᠯᠠᠭ᠎ᠠ ᠶᠢᠨ ᠲᠥᠷᠥᠯ ᠵᠦᠢᠯ ᠳᠤ ᠰᠦᠶ᠋ᠳᠬᠡᠯ ᠬᠤᠷᠢᠶᠠᠬᠤ ᠥᠬᠡᠶ ᠪᠠᠷ ᠦᠰᠦ ᠵᠠᠰᠠᠵᠤ᠂ ᠴᠢᠰᠤᠨ ᠳᠠᠷᠤᠯᠲᠠ ᠶᠢ ᠬᠡᠮᠵᠢᠬᠦ᠂ ᠨᠢᠳᠦᠨ ᠤ ᠢᠷᠣᠭᠠᠷ ᠢ ᠪᠠᠶᠢᠴᠠᠭᠠᠬᠤ ᠠᠯᠪᠠᠨ ᠵᠢᠷᠤᠮ ᠤᠨ ᠡᠮᠴᠢᠯᠡᠭᠡ ᠬᠢᠵᠦ᠂ ᠤᠬᠠᠭᠤᠯᠭ᠎ᠠ ᠶᠢᠨ ᠵᠢᠷᠤᠭ ᠤᠨ ᠰᠠᠮᠪᠠᠷ᠎ᠠ ᠶᠢᠨ ᠦᠵᠡᠭᠦᠯᠦᠯᠭᠡ ᠭᠠᠷᠭᠠᠪᠠ᠃    ︽ᠵᠡᠮᠳᠡᠭᠴᠦᠳ ᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠮᠡᠳᠡᠯᠭᠡ ᠶᠢᠨ ᠭᠠᠷ ᠳᠡᠪᠲᠡᠷ︾᠂ ︽ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠤᠩᠰᠢᠬᠤ ᠪᠢᠴᠢᠭ︾᠂ ︽ᠭᠤᠷᠪᠠ ᠶᠢ ᠪᠠᠭᠠᠰᠬᠠᠵᠤ ᠭᠤᠷᠪᠠ ᠶᠢ ᠡᠷᠡᠭᠦᠯ ᠴᠢᠭᠢᠷᠠᠭ ᠠᠮᠢᠳᠤᠷᠠᠯ︾᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠷᠤᠭᠲᠤ ᠳᠡᠪᠲᠡᠷ ᠵᠢᠴᠢ ︽ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠨ᠂ ᠵᠣᠯ ᠵᠢᠷᠭᠠᠯ ᠢ ᠬᠠᠮᠲᠤ ᠪᠠᠷ ᠡᠳ᠋ᠯᠡᠬᠦ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠴᠠᠭ ᠦᠶ᠎ᠡ᠂ ᠰᠠᠶᠢᠨ ᠳᠤᠷ᠎ᠠ ᠶᠢᠨ ᠭᠡᠷᠡᠯ ᠭᠢᠯᠪᠠᠭ᠎ᠠ ᠪᠠᠨ ᠨᠡᠮᠡᠶ᠎ᠡ︾ ᠭᠡᠬᠦ ᠭᠠᠷ ᠠᠪᠤᠯᠭ᠎ᠠ ᠶᠢ ᠲᠠᠷᠬᠠᠭᠠᠪᠠ᠃    ᠡᠭᠦᠨ ᠤ ᠬᠠᠮᠲᠤ᠂ ᠲᠤᠬᠠᠶ ᠶᠢᠨ ᠲᠠᠯᠠᠪᠤᠷ ᠲᠤ ᠵᠡᠮᠳᠡᠭᠴᠦᠳ ᠤᠨ ᠭᠠᠷ ᠤᠷᠠᠯᠠᠯ ᠤᠨ ᠪᠦᠲᠦᠭᠡᠭᠳᠡᠬᠦᠨ ᠢ ᠠᠯᠪᠠᠨ ᠵᠢᠷᠤᠮ ᠤᠨ ᠬᠤᠳᠠᠯᠳᠤᠬᠤ ᠠᠵᠢᠯᠯᠠᠭ᠎ᠠ ᠶᠢ ᠬᠢᠵᠦ᠂ ᠤᠯᠠᠭᠠᠨᠮᠥ᠋ᠴᠢᠷ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠠᠶᠢᠷ᠎ᠠ ᠬᠠᠯᠠᠮᠵᠢ ᠪᠠ ᠪᠠᠶᠠᠷ ᠪᠠᠶᠠᠰᠤᠯ ᠢ ᠵᠡᠮᠳᠡᠭᠴᠦᠳ ᠲᠤ ᠬᠦᠷᠭᠡᠪᠡ᠃    ᠳᠠᠷᠠᠭ᠎ᠠ ᠳᠤᠨᠢ᠂ ᠠᠵᠢᠯᠲᠠᠳ ᠰᠢᠶᠠᠩ ᠾᠧ ᠠᠭᠤᠳᠠᠮ ᠲᠠᠯᠠᠪᠠᠢ ᠳᠤ ᠬᠦᠷᠴᠦ᠂ ᠤᠯᠠᠨ ᠲᠦᠮᠡᠨ ᠳᠤ 600 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠤᠬᠠᠢ ᠶᠢᠨ ᠲᠠᠯᠠᠪᠠᠢ ᠳᠤ ᠵᠡᠮᠳᠡᠭᠴᠦᠳ ᠤᠨ ︽ᠵᠡᠮᠳᠡᠭᠴᠦᠳ ᠤᠨ ᠦᠨᠡᠮᠯᠡᠯ︾ ᠢ ᠬᠡᠷᠬᠢᠨ ᠭᠦᠢᠴᠡᠳᠬᠡᠬᠦ ᠵᠡᠷᠭᠡ ᠯᠠᠪᠯᠠᠯᠭ᠎ᠠ ᠶᠢ 20 ᠭᠠᠷᠤᠢ ᠬᠥᠮᠦᠨ ᠤᠳᠠᠭ᠎ᠠ ᠬᠦᠯᠢᠶᠡᠨ ᠠᠪᠴᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠲᠡᠳᠬᠦᠵᠦ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠬᠦ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃    ᠤᠢᠢᠷ᠎ᠠ ᠶᠢᠨ ᠵᠢᠯ ᠠᠴᠠ᠂ ᠱᠠᠩᠳᠤ ᠰᠢᠶᠠᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠥᠷᠭᠡᠨ ᠢᠶᠠᠷ ᠲᠠᠶᠢᠴᠢᠯᠠᠨ ᠵᠡᠮᠳᠡᠭᠴᠦᠳ ᠲᠤ ᠰᠢᠯᠢᠳᠡᠭ ᠦᠢᠯᠡᠴᠢᠯᠡᠭᠡ ᠬᠠᠩᠭᠠᠵᠤ᠂ ᠲᠡᠳᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠵᠡᠮᠳᠡᠭᠴᠦᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠤᠯᠠᠮᠵᠢᠯᠠᠬᠤ ᠶᠢ ᠢᠳᠡᠪᠬᠢᠲᠡᠢ ᠰᠠᠨᠠᠭᠠᠴᠢᠯᠠᠵᠤ᠂ ᠵᠡᠮᠳᠡᠭᠴᠦᠳ ᠢ ᠵᠣᠷᠢᠭᠵᠢᠭᠤᠯᠤᠨ ᠥᠪᠡᠷ ᠤᠨ ᠨᠢᠭᠡ ᠵᠦᠢᠯ ᠤᠨ ᠤᠷ᠎ᠠ ᠮᠡᠷᠭᠡᠵᠢᠯ ᠢᠶᠠᠨ ᠠᠰᠢᠭᠯᠠᠨ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠶᠢ ᠦᠢᠯᠡᠳᠴᠦ᠂ ᠲᠡᠳᠡᠨ ᠢ ᠬᠠᠪᠰᠤᠷᠤᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠠᠭᠤᠰᠤᠯᠴᠠᠵᠤ᠂ ᠵᠡᠮᠳᠡᠭᠴᠦᠳ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠤᠯᠪᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2