ᠬᠤᠸᠠᠷ ᠫᠤᠤᠵᠢᠩ ᠡᠵᠡᠩᠨᠡᠬᠦ ︵ᠵᠢᠵᠢᠭᠯᠡᠨ ᠬᠤᠳᠠᠯᠳᠤᠬᠤ︶ ᠵᠥᠪᠰᠢᠶᠡᠷᠡᠯ ᠤᠨ ᠦᠨᠡᠮᠯᠡᠯ ᠢ ᠬᠤᠪᠢᠷᠠᠭᠤᠯᠬᠤ
ᠨᠡᠶᠢᠲᠡᠯᠡᠭᠰᠡᠨ ᠴᠠᠭ᠄
2024/5/22
  ᠠᠰᠠᠭᠤᠨ ᠯᠠᠪᠯᠠᠬᠤ ᠬᠡᠯᠪᠡᠷᠢ    17747840400,0474-12345    ᠬᠢᠨᠠᠯᠲᠠ ᠲᠠᠯᠪᠢᠵᠤ ᠵᠠᠭᠠᠯᠳᠤᠭᠤᠯᠬᠤ ᠠᠷᠭ᠎ᠠ ᠮᠠᠶ᠋ᠢᠭ    0474-12345    ᠠᠵᠢᠯ ᠶᠠᠪᠤᠳᠠᠯ ᠤᠨ ᠨᠡᠷᠡᠶᠢᠳᠦᠯ    ᠬᠤᠸᠠᠷ ᠫᠤᠤᠵᠢᠩ ᠡᠵᠡᠩᠨᠡᠬᠦ ︵ᠵᠢᠵᠢᠭᠯᠡᠨ ᠬᠤᠳᠠᠯᠳᠤᠬᠤ︶ ᠵᠥᠪᠰᠢᠶᠡᠷᠡᠯ ᠤᠨ ᠦᠨᠡᠮᠯᠡᠯ ᠢ ᠬᠤᠪᠢᠷᠠᠭᠤᠯᠬᠤ    ᠦᠨᠳᠦᠰᠦᠨ ᠳ᠋ᠤᠭᠠᠷᠯᠠᠯ    1000125046002    ᠳ᠋ᠤᠭᠠᠷᠯᠠᠯ    11152626767880277N400012504600203    ᠱᠠᠩᠳᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠡᠷᠡᠭᠵᠢᠭᠦᠯᠵᠦ ᠪᠠᠶᠢᠭ᠎ᠠ ᠭᠤᠤᠯ ᠴᠣᠭᠴᠠ ᠶᠢᠨ ᠳ᠋ᠤᠭᠠᠷ    1115262626767880277N    ᠰᠢᠢᠳᠪᠦᠷᠢᠯᠡᠭᠴᠢ    ᠵᠠᠩ ᠷᠠᠨ᠂ ᠯᠢᠦ ᠵᠢᠶᠠᠨ ᠳ᠋ᠦᠩ    ᠭᠤᠶᠤᠴᠢᠯᠠᠬᠤ ᠮᠠᠲ᠋ᠧᠷᠢᠶᠠᠯ    ᠪᠠᠶᠢᠳᠠᠯ ᠲᠠᠨ ᠤ ᠬᠡᠷᠡᠭ ᠡᠷᠬᠢᠯᠡᠬᠦ ᠪᠠᠶᠢᠳᠠᠯ ᠢ ᠰᠤᠩᠭᠤᠵᠤ ᠥᠭᠭᠦᠭᠡᠷᠡᠢ᠂ ᠪᠢᠳᠡ ᠲᠠᠨ ᠳᠤ ᠦᠪᠡᠷᠮᠢᠴᠡ ᠴᠢᠨᠠᠷ ᠲᠠᠢ ᠭᠤᠶᠤᠴᠢᠯᠠᠬᠤ ᠮᠠᠲ᠋ᠧᠷᠢᠶᠠᠯ ᠤᠨ ᠭᠠᠷᠴᠠᠭ ᠢ ᠦᠵᠡᠭᠦᠯᠦᠨ᠎ᠡ︖    ᠡᠵᠡᠩᠨᠡᠯᠲᠡ ᠶᠢᠨ ᠭᠠᠵᠠᠷ    ᠲᠦᠷᠢᠶᠡᠰᠦᠨ ᠭᠡᠷ ᠪᠠᠶᠢᠰᠢᠩ    ᠭᠤᠶᠤᠴᠢᠯᠠᠬᠤ ᠮᠠᠲ᠋ᠧᠷᠢᠶᠠᠯ ᠨᠢ ᠮᠠᠨ ᠤ ᠤᠯᠤᠰ ᠤᠨ ︽ᠦᠨᠡᠮᠯᠡᠯ ᠠᠴᠠ ᠬᠡᠯᠳᠦᠷᠢᠭᠦᠯᠬᠦ ᠠᠯᠪᠠᠨ ᠭᠡᠷ︾ ᠤᠨ ᠮᠠᠲ᠋ᠧᠷᠢᠶᠠᠯ ᠢ ᠪᠠᠶᠢᠴᠠᠭᠠᠨ ᠦᠵᠡᠪᠡ    ᠭᠦᠢᠴᠡᠳᠭᠡᠬᠦ ᠭᠠᠵᠠᠷ ᠣᠷᠣᠨ    ᠱᠠᠩᠳᠤ ᠰᠢᠶᠠᠨ ᠤ ᠴᠢ ᠲᠠᠢ ᠪᠠᠯᠭᠠᠰᠤᠨ ᠤ ᠯᠦ ᠸᠠᠩ ᠶᠡᠭᠡ ᠵᠡᠭᠡᠯᠢ ᠶᠢᠨ ᠨᠠᠨ ᠬᠤ᠋ ᠴᠡᠴᠡᠷᠯᠢᠭ ᠤᠨ ᠣᠢ ᠰᠢᠭᠤᠶ ᠶᠢᠨ ᠭᠠᠯ ᠰᠡᠷᠭᠡᠶᠢᠯᠡᠬᠦ ᠲᠣᠮᠣ ᠠᠰᠠᠷ ᠤᠨ ᠳᠥᠷᠪᠡᠳᠦᠭᠡᠷ ᠳᠠᠪᠬᠤᠷᠯᠢᠭ ᠤᠨ 403 ᠭᠡᠷ    ᠰᠢᠢᠳᠪᠦᠷᠢᠯᠡᠬᠦ ᠴᠠᠭ ᠬᠤᠭᠤᠴᠠᠭ᠎ᠠ    ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 09᠄ 00-12᠄ 00᠂ ᠦᠳᠡ ᠶᠢᠨ ᠬᠤᠶᠢᠨ᠎ᠠ 14᠄ 30-1800    ᠭᠦᠢᠴᠡᠳᠭᠡᠬᠦ ᠭᠠᠵᠠᠷ ᠣᠷᠣᠨ    ᠱᠠᠩᠳᠤ ᠰᠢᠶᠠᠨ ᠤ ᠴᠢ ᠲᠠᠢ ᠪᠠᠯᠭᠠᠰᠤᠨ ᠤ ᠵᠢᠦᠢ ᠶᠧ ᠵᠠᠮ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠤᠶᠠᠳᠤᠭᠠᠷ ᠳᠠᠪᠬᠤᠷ 69 ᠳ᠋ᠦᠭᠡᠷ ᠴᠣᠩᠬᠤ    ᠰᠦᠢᠳᠬᠡᠯ ᠬᠤᠷᠢᠶᠠᠬᠤ ᠮᠡᠳᠡᠭᠡ ᠵᠠᠩᠭᠢ    ᠲᠤᠰ ᠶᠠᠪᠤᠳᠠᠯ ᠨᠢ ᠰᠦᠢᠳᠬᠡᠯ ᠬᠤᠷᠢᠶᠠᠬᠤ ᠦᠭᠡᠢ    ᠬᠦᠯᠢᠶᠡᠨ ᠠᠪᠴᠤ ᠰᠢᠢᠳᠪᠦᠷᠢᠯᠡᠬᠦ ᠨᠦᠬᠦᠴᠡᠯ    ᠨᠢᠭᠡ᠂ ᠵᠢᠵᠢᠭᠯᠡᠨ ᠬᠤᠳᠠᠯᠳᠤᠬᠤ ᠡᠵᠡᠩᠨᠡᠭᠴᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄    ︵ᠨᠢᠭᠡ︶ ᠲᠤᠬᠠᠶ ᠶᠢᠨ ᠭᠠᠵᠠᠷ ᠤᠨ ᠰᠢᠶᠠᠨ ᠤ ᠱᠠᠲᠤᠨ ᠤ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠴᠢᠭ ᠪᠠᠶᠢᠷᠢᠯᠠᠭᠤᠯᠬᠤ ᠲᠥᠯᠥᠪᠵᠢᠭᠦᠯᠭᠡ ᠳᠤ ᠨᠡᠶᠢᠴᠡᠭᠦᠯᠬᠦ ᠬᠡᠷᠡᠭᠲᠡᠶ᠃    ︵ᠬᠤᠶᠠᠷ︶ ᠭᠤᠤᠯ ᠬᠠᠷᠢᠭᠤᠴᠠᠯᠭᠠᠲᠠᠨ ᠨᠢ ᠠᠶᠤᠯ ᠦᠭᠡᠶ ᠶᠢᠨ ᠪᠣᠯᠪᠠᠰᠤᠷᠠᠭᠤᠯᠤᠯ ᠢᠶᠠᠷ ᠬᠢᠷᠢ ᠲᠡᠩᠴᠡᠵᠦ᠂ ᠪᠣᠷᠣᠯᠠᠭᠤᠯᠤᠭᠴᠢ ᠳᠤ ᠠᠶᠤᠯ ᠦᠭᠡᠶ ᠶᠢᠨ ᠮᠡᠳᠡᠯᠭᠡ ᠶᠢᠨ ᠬᠥᠮᠦᠵᠢᠯ ᠬᠦᠷᠲᠡᠭᠡᠨ᠎ᠡ᠃    ︵ᠭᠤᠷᠪᠠ︶ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠯᠡᠨ ᠬᠤᠳᠠᠯᠳᠤᠬᠤ ᠭᠠᠵᠠᠷ᠂ ᠬᠤᠲᠠ ᠶᠢᠨ ᠤᠷᠲᠤ ᠬᠤᠭᠤᠴᠠᠭᠠᠨ ᠤ ᠵᠢᠵᠢᠭᠯᠡᠨ ᠬᠤᠳᠠᠯᠳᠤᠬᠤ ᠭᠠᠵᠠᠷ ᠲᠤ ᠲᠤᠰᠬᠠᠶ ᠳᠡᠯᠭᠡᠭᠦᠷ ᠢᠶᠠᠷ ᠪᠣᠷᠣᠯᠠᠭᠤᠯᠬᠤ ᠶᠢ ᠬᠡᠷᠡᠭᠵᠢᠭᠦᠯᠦᠨ᠎ᠡ ᠃ ᠬᠥᠳᠡᠭᠡ ᠲᠣᠰᠬᠤᠨ ᠤ ᠤᠷᠲᠤ ᠬᠤᠭᠤᠴᠠᠭᠠᠨ ᠤ ᠵᠢᠵᠢᠭᠯᠡᠨ ᠬᠤᠳᠠᠯᠳᠤᠬᠤ ᠭᠠᠵᠠᠷ ᠨᠢ ᠭᠦᠢᠬᠡᠨ ᠤᠯᠠᠷᠢᠯ ᠳᠤ ᠲᠤᠰᠬᠠᠶ ᠯᠠᠩᠭᠦᠶ ᠶᠢᠨ ᠪᠣᠷᠣᠯᠠᠭᠤᠯᠤᠯᠲᠠ ᠶᠢ ᠬᠡᠷᠡᠭᠵᠢᠭᠦᠯᠬᠦ ᠳᠡᠭᠡᠨ᠂ ᠲᠤᠰᠬᠠᠶ ᠬᠥᠮᠦᠨ ᠲᠣᠬᠢᠷᠠᠭᠤᠯᠤᠨ ᠪᠣᠷᠣᠯᠠᠭᠤᠯᠵᠤ᠂ ᠲᠤᠰᠬᠠᠶ ᠯᠠᠩᠭᠦᠶ ᠶᠢ ᠬᠠᠷᠢᠴᠠᠩᠭᠤᠶ ᠪᠠᠷ ᠲᠤᠰᠠᠭᠠᠷ ᠪᠠᠶᠢᠯᠭᠠᠬᠤ ᠶᠢᠨ ᠬᠠᠮᠲᠤ ᠪᠤᠰᠤᠳ ᠯᠠᠩᠭᠦᠶ ᠲᠠᠢ ᠵᠣᠬᠢᠬᠤ ᠵᠠᠶ ᠶᠢ ᠪᠠᠲᠤᠯᠠᠵᠤ᠂ ᠠᠶᠤᠯ ᠦᠭᠡᠶ ᠨᠡᠪᠲᠡᠷᠡᠬᠦ ᠵᠠᠮ ᠤᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ    ︵ᠲᠦᠷᠪᠡ︶ ᠵᠢᠵᠢᠭᠯᠡᠨ ᠬᠤᠳᠠᠯᠳᠤᠬᠤ ᠲᠠᠯᠠᠪᠤᠷ ᠤᠨ ᠲᠠᠯᠠᠪᠠᠶ ᠨᠢ 10 ᠲᠡᠭᠰᠢ ᠳᠥᠷᠪᠡᠯᠵᠢᠨ ᠮᠧᠲᠷ ᠠᠴᠠ ᠪᠠᠭ᠎ᠠ ᠦᠭᠡᠶ ᠪᠠᠶᠢᠵᠤ᠂ ᠡᠷᠭᠢᠨ ᠲᠣᠭᠤᠷᠢᠨ ᠤ 50 ᠮᠧᠲᠷ ᠤᠨ ᠬᠡᠪᠴᠢᠶᠡᠨ ᠳᠤ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠪᠤᠰᠤᠳ ᠴᠢᠭ ᠦᠭᠡᠶ ᠪᠥᠭᠡᠳ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠪᠣᠯᠤᠨ ᠲᠣᠰᠣ ᠨᠡᠮᠡᠬᠦ ᠥᠷᠲᠡᠭᠡ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠦᠢᠯᠡᠳᠪᠦᠷᠢᠯᠡᠬᠦ᠂ ᠬᠠᠳᠠᠭᠠᠯᠠᠬᠤ ᠪᠡᠯᠡᠳᠬᠡᠮᠵᠢ ᠵᠡᠷᠭᠡ ᠭᠤᠤᠯᠳᠠᠯᠭ᠎ᠠ ᠲᠠᠢ ᠪᠠᠷᠢᠯᠭ᠎ᠠ ᠯᠤᠭ᠎ᠠ 100 ᠮᠧᠲᠷ ᠠᠴᠠ ᠳᠡᠭᠡᠭᠰᠢ ᠠᠶᠤᠯ ᠦᠭᠡᠶ ᠶᠢᠨ ᠵᠠᠶ ᠶᠢ ᠪᠠᠲᠤᠯᠠᠬᠤ ᠬᠡᠷᠡᠭᠲᠡᠶ᠃    ︵ᠲᠠᠪᠤ︶ ᠵᠢᠵᠢᠭᠯᠡᠨ ᠬᠤᠳᠠᠯᠳᠤᠬᠤ ᠭᠠᠵᠠᠷ ᠨᠢ ᠴᠢᠬᠤᠯᠠ ᠪᠦᠬᠦᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠨ᠂ ᠢᠯᠡ ᠲᠣᠳᠣ ᠠᠶᠤᠯ ᠦᠭᠡᠶ ᠶᠢᠨ ᠰᠡᠷᠡᠮᠵᠢ ᠶᠢᠨ ᠲᠡᠮᠳᠡᠭ ᠨᠠᠭᠠᠬᠤ ᠬᠡᠷᠡᠭᠲᠡᠶ᠃    ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃    ᠪᠠᠶᠢᠷᠢᠯᠠᠭᠤᠯᠤᠭᠰᠠᠨ ᠦᠨᠳᠦᠰᠦ ᠪᠠᠷᠢᠮᠲᠠ    ︽ᠬᠤᠸᠠᠷ ᠫᠤᠤᠵᠢᠩ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾ ︵2006 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 455 ᠳ᠋ᠤᠭᠠᠷ ᠲᠣᠭᠠᠲᠤ︶ ᠤᠨ ᠠᠷᠪᠠ ᠶᠢᠰᠦᠳᠦᠭᠡᠷ ᠵᠦᠢᠯ    ᠨᠦᠬᠦᠪᠦᠷᠢ ᠲᠣᠬᠢᠷᠠᠭᠤᠯᠭ᠎ᠠ    【 ᠵᠠᠰᠠᠭ ᠵᠠᠬᠢᠷᠭᠠᠨ ᠤ ᠬᠠᠣᠯᠢ ᠲᠤᠭᠳᠠᠭᠠᠯ 】 ︽ᠬᠤᠸᠠᠷ ᠫᠤᠤᠵᠢᠩ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾ ︵2006 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 455 ᠳ᠋ᠤᠭᠠᠷ ᠲᠣᠭᠠᠲᠤ ᠪᠠᠷ ᠨᠡᠶᠢᠲᠡᠯᠡᠪᠡ᠂ 2016 ᠣᠨ ᠤ 2 ᠳ᠋ᠤᠭᠠᠷ ᠰᠠᠷ᠎ᠠ ᠶᠢᠨ 6 ᠤ ᠡᠳᠦᠷ ᠨᠡᠶᠢᠲᠡᠯᠡᠭᠰᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 666 ᠳ᠋ᠤᠭᠠᠷ ᠲᠣᠭᠠᠲᠤ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ᠃    ᠠᠷᠪᠠ ᠶᠢᠰᠦᠳᠦᠭᠡᠷ ᠵᠦᠢᠯ ᠬᠤᠸᠠᠷ ᠫᠤᠤᠵᠢᠩ ᠢ ᠪᠥᠭᠡᠮ ᠢᠶᠠᠷ ᠬᠤᠳᠠᠯᠳᠤᠬᠤ ᠠᠵᠢᠯ ᠬᠢᠬᠦ ᠪᠠᠷ ᠭᠤᠶᠤᠴᠢᠯᠠᠭᠰᠠᠨ ᠠᠵᠤ ᠠᠬᠤᠶᠢᠯᠠᠯ ᠨᠢ ᠪᠠᠶᠢᠭ᠎ᠠ ᠭᠠᠵᠠᠷ ᠤᠨ ᠢᠶᠠᠨ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠬᠤ ᠶᠢᠨ ᠬᠠᠮᠲᠤ ᠲᠤᠰ ᠳᠦᠷᠢᠮ ᠤᠨ ᠠᠷᠪᠠᠨ ᠳᠣᠯᠣᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠃ ᠭᠤᠶᠤᠴᠢᠯᠠᠯ ᠢ ᠬᠦᠯᠢᠶᠡᠨ ᠠᠪᠴᠤ ᠰᠢᠶ᠋ᠳᠪᠦᠷᠢᠯᠡᠬᠦ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠤᠶᠤᠴᠢᠯᠠᠯ ᠢ ᠬᠦᠯᠢᠶᠡᠨ ᠠᠪᠴᠤ ᠰᠢᠶ᠋ᠳᠪᠦᠷᠢᠯᠡᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠲᠤᠰᠢᠶᠠᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠪᠣᠯᠤᠨ ᠡᠵᠡᠩᠨᠡᠯᠲᠡ ᠶᠢᠨ ᠭᠠᠵᠠᠷ ᠲᠠᠯᠠᠪᠠᠶ ᠳᠤ ᠬᠢᠨᠠᠨ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠬᠦ ᠳᠤᠨᠢ ︽ᠬᠤᠸᠠᠷ ᠫᠤᠤᠵᠢᠩ ᠡᠵᠡᠩᠨᠡᠬᠦ ︵ᠪᠥᠭᠡᠮ ᠢᠶᠠᠷ ᠬᠤᠳᠠᠯᠳᠤᠬᠤ︶ ᠵᠥᠪᠰᠢᠶᠡᠷᠡᠯ ᠤᠨ ᠦᠨᠡᠮᠯᠡᠯ︾ ᠬᠢᠨᠠᠨ ᠣᠯᠭᠤᠬᠤ ᠬᠡᠷᠡᠭᠲᠡᠶ ᠨᠥᠬᠦᠴᠡᠯ ᠳᠤ ᠨᠡᠶᠢᠴᠡᠬᠦ ᠦᠭᠡᠶ ᠶᠢ ᠨᠢ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2