ᠱᠠᠩᠳᠤ ᠰᠢᠶᠠᠨ ᠲᠤᠯᠭᠠᠭᠤᠷᠢ ᠬᠡᠯᠪᠡᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2024/5/22
  ︵ᠨᠢᠭᠡ︶ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠤᠨ᠎ᠠ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ︾ ᠶᠢᠨ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠨᠢᠭᠡ ᠳᠤ᠂ ᠶᠧ ᠵᠣᠣ ᠺᠣᠮᠫᠠᠨᠢ ᠶᠢᠨ ᠦᠢᠯᠡᠳᠪᠦᠷᠢᠯᠡᠬᠦ ᠴᠢᠳᠠᠪᠤᠷᠢ ᠶᠢ ᠰᠣᠯᠢᠵᠤ ᠳᠠᠬᠢᠨ ᠪᠠᠶᠢᠭᠤᠯᠬᠤ ᠪᠠᠷ ᠳᠠᠮᠵᠢᠭᠤᠯᠤᠨ ᠤᠤᠯ ᠤᠨ ᠪᠠᠶᠢᠭᠰᠠᠨ 4 ᠰᠠᠭᠤᠷᠢ 16500KVA ᠪᠦᠷᠢᠨ ᠪᠢᠲᠡᠭᠦᠮᠵᠢᠯᠡᠭᠰᠡᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠢ ᠬᠤᠶᠠᠷ ᠰᠠᠭᠤᠷᠢ 33000KVA ᠪᠣᠯᠭᠠᠨ ᠥᠭᠡᠷᠡᠴᠢᠯᠡᠵᠦ᠂ 3 ᠰᠠᠷ᠎ᠠ ᠶᠢᠨ 20 ᠤ ᠡᠳᠦᠷ ᠪᠣᠯᠲᠠᠯ᠎ᠠ᠂ ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠬᠤᠶᠠᠷ ᠲᠤ᠂ ᠶᠧ ᠵᠣᠣ ᠺᠣᠮᠫᠠᠨᠢ ᠦᠢᠯᠡᠳᠪᠦᠷᠢᠯᠡᠬᠦ ᠴᠢᠳᠠᠪᠤᠷᠢ ᠪᠠᠨ ᠰᠣᠯᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠠᠭᠠᠨᠴᠠᠪ ᠬᠤᠲᠠ ᠶᠢᠨ 7 ᠬᠤᠴᠣᠷᠤᠩᠭᠤᠶ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠵᠤ᠂ 7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠮᠠᠨ ᠤ ᠰᠢᠶᠠᠨ ᠳᠤ ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ ᠤᠨ ᠬᠦᠳᠡᠷ ᠤᠨ ᠢᠯᠴᠢ ᠶᠢᠨ ᠵᠤᠤᠬ᠎ᠠ ᠶᠢ ᠰᠢᠨ᠎ᠡ ᠪᠠᠷ ᠪᠠᠶᠢᠭᠤᠯᠵᠤ᠂ 3 ᠰᠠᠷ᠎ᠠ ᠶᠢᠨ 20 ᠤ ᠡᠳᠦᠷ ᠪᠣᠯᠲᠠᠯ᠎ᠠ᠂ ᠡᠭᠦᠨ ᠳᠤ 2 ᠰᠠᠭᠤᠷᠢ 48000K VA ᠪᠦᠷᠢᠨ ᠨᠢᠭᠲᠠ ᠪᠢᠲᠡᠭᠦᠮᠵᠢᠯᠡᠭᠰᠡᠨ ᠬᠦᠳᠡᠷ ᠤᠨ ᠢᠯᠴᠢ ᠶᠢᠨ ᠵᠤᠤᠬ᠎ᠠ ᠶᠢ ᠨᠢᠭᠡᠨᠲᠡ ᠪᠠᠶᠢᠭᠤᠯᠤᠨ ᠳᠠᠭᠤᠰᠬᠠᠵᠤ ᠶᠠᠭ ᠲᠤᠷᠰᠢᠨ ᠦᠶ᠋ᠯᠡᠳᠪᠦᠷᠢᠯᠡᠵᠦ ᠪᠠᠶᠢᠨ᠎ᠠ᠂ ᠵᠢᠱᠢᠯᠲᠡ ᠪᠠᠷ ᠡᠨᠡ ᠵᠢᠯ ᠤᠨ 5 ᠰᠠᠷ᠎ᠠ ᠳᠤ ᠨᠢᠭᠡᠨᠲᠡ ᠪᠠᠶᠢᠭᠤᠯᠵᠤ ᠪᠠᠶᠢᠭᠠᠳ ᠲᠤᠷᠰᠢᠨ ᠦᠶ᠋ᠯᠡᠳᠪᠦᠷᠢᠯᠡᠵᠦ᠂ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠶᠧ ᠵᠣᠣ ᠲᠡᠮᠦᠷᠯᠢᠭ ᠬᠠᠶᠢᠯᠤᠭᠤᠯᠬᠤ ᠺᠣᠮᠫᠠᠨᠢ ᠵᠢᠯ ᠳᠤ 52.2 ᠲᠦᠮᠡᠨ ᠲᠣᠨ ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ ᠦᠢᠯᠡᠳᠪᠦᠷᠢᠯᠡᠬᠦ ᠪᠣᠯᠤᠨ᠎ᠠ᠃ ᠭᠤᠷᠪᠠ ᠳᠤ᠂ ᠰᠢᠨ ᠲᠠᠢ ᠺᠣᠮᠫᠠᠨᠢ ᠶᠢᠨ ᠦᠢᠯᠡᠳᠪᠦᠷᠢᠯᠡᠬᠦ ᠴᠢᠳᠠᠪᠤᠷᠢ ᠶᠢ ᠰᠣᠯᠢᠬᠤ ᠪᠠᠷ ᠳᠠᠮᠵᠢᠭᠤᠯᠤᠨ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ ᠤᠤᠯ ᠤᠨ ᠪᠠᠶᠢᠭᠰᠠᠨ 1 ᠰᠠᠭᠤᠷᠢ 25500KVA ᠪᠦᠷᠢᠨ ᠪᠢᠲᠡᠭᠦᠮᠵᠢᠯᠡᠭᠰᠡᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠢ 33000KVA ᠪᠦᠷᠢᠨ ᠨᠢᠭᠲᠠ ᠪᠢᠲᠡᠭᠦᠮᠵᠢᠯᠡᠭᠰᠡᠨ ᠠᠭᠤᠷᠬᠠᠢ ᠶᠢᠨ ᠢᠯᠴᠢ ᠶᠢᠨ ᠵᠤᠤᠬ᠎ᠠ ᠪᠣᠯᠭᠠᠨ ᠥᠭᠡᠷᠡᠴᠢᠯᠡᠵᠦ᠂ ᠵᠢᠱᠢᠯᠲᠡ ᠪᠠᠷ ᠡᠨᠡ ᠵᠢᠯ ᠤᠨ 5 ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠰᠢᠨ ᠲᠠᠢ ᠺᠣᠮᠫᠠᠨᠢ ᠵᠢᠯ ᠳᠤ 16.5 ᠲᠦᠮᠡᠨ ᠲᠣᠨ ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ ᠦᠢᠯᠡᠳᠪᠦᠷᠢᠯᠡᠬᠦ ᠪᠣᠯᠤᠨ᠎ᠠ᠃    ︵ᠬᠤᠶᠠᠷ︶ ᠪᠢᠯᠢᠭ ᠲᠦᠢᠯ ᠤᠨ ᠮᠠᠲ᠋ᠧᠷᠢᠶᠠᠯ ᠤᠨ ᠠᠵᠢᠯ ᠲᠥᠷᠥᠯ ᠤᠨ ︽ᠳᠥᠷᠪᠡᠨ ᠶᠡᠭᠡ ᠲᠠᠰ ᠳᠡᠪᠰᠢᠬᠦ ᠠᠵᠢᠯᠯᠠᠭ᠎ᠠ︾ ᠶᠢ ᠬᠦᠴᠦᠯᠡᠨ ᠠᠬᠢᠭᠤᠯᠤᠨ᠎ᠠ    ᠤᠯᠠᠭᠠᠨᠴᠠᠪ ᠬᠤᠲᠠ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠠᠵᠢᠯ ᠲᠥᠷᠥᠯ ᠤᠨ ︽ᠳᠥᠷᠪᠡᠨ ᠲᠠᠰ ᠳᠡᠪᠰᠢᠭᠦᠯᠬᠦ ᠠᠵᠢᠯᠯᠠᠭ᠎ᠠ︾ ᠶᠢᠨ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠪᠴᠢᠶ᠎ᠠ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ 5 ᠠᠵᠤ ᠠᠬᠤᠶᠢᠯᠠᠯ ᠳᠤ ᠴᠢᠭᠯᠡᠭᠦᠯᠦᠨ᠂ ᠲᠤᠰᠬᠠᠶ ᠮᠡᠷᠭᠡᠵᠢᠯᠲᠡᠨ ᠤᠷᠢᠵᠤ ᠵᠢᠯᠣᠭᠤᠳᠬᠤ ᠪᠠᠷ ᠳᠠᠮᠵᠢᠭᠤᠯᠤᠨ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠶᠢᠨ ᠠᠵᠢᠯ ᠤᠨ ᠳᠠᠷᠠᠭᠠᠯᠠᠯ ᠢ ᠥᠭᠡᠷᠡᠴᠢᠯᠡᠬᠦ ᠲᠥᠰᠦᠯ ᠢ ᠲᠣᠭᠲᠠᠭᠠᠵᠤ᠂ ᠣᠲᠣ ᠶᠢᠨ ᠪᠠᠶᠢᠭ᠎ᠠ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠪᠢᠯᠢᠭ ᠲᠦᠢᠯ ᠤᠨ ᠮᠠᠲ᠋ᠧᠷᠢᠶᠠᠯ ᠤᠨ ᠪᠥᠬᠦ ᠠᠵᠢᠯ ᠤᠨ ᠳᠠᠷᠠᠭᠠᠯᠠᠯ ᠢ ᠠᠵᠤ ᠦᠶᠢᠯᠡᠰᠵᠢᠭᠦᠯᠦᠨ ᠬᠥᠭᠵᠢᠭᠦᠯᠬᠦ ᠶᠢ ᠪᠡᠶᠡᠯᠡᠭᠦᠯᠵᠦ᠂ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂ ᠪᠢᠯᠢᠭ ᠲᠦᠢᠯ ᠤᠨ ᠮᠠᠲ᠋ᠧᠷᠢᠶᠠᠯ ᠤᠨ ᠠᠵᠢᠯ ᠲᠥᠷᠥᠯ ᠢ ᠲᠦᠷᠭᠡᠳᠬᠡᠨ ᠣᠷᠣᠨ ᠪᠦᠰᠡ ᠶᠢᠨ ᠠᠵᠤ ᠠᠬᠤᠶ ᠶᠢᠨ ︽ᠰᠢᠨ᠎ᠡ ᠲᠤᠯᠭᠠᠭᠤᠷᠢ︾ ᠪᠣᠯᠭᠠᠨ᠎ᠠ᠃ 3 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠰᠢᠶᠠᠩ ᠹᠦ᠋ ᠰᠢᠨ᠎ᠡ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ 10 ᠲᠦᠮᠡᠨ ᠲᠣᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠪᠠᠶᠢᠵᠤ᠂ ᠨᠢᠭᠡᠳᠦᠭᠡᠷ ᠬᠤᠭᠤᠴᠠᠭᠠᠨ ᠤ 4 ᠲᠦᠮᠡᠨ ᠲᠣᠨ ᠪᠦᠲᠦᠭᠡᠭᠳᠡᠬᠦᠨ ᠦᠢᠯᠡᠳᠪᠦᠷᠢᠯᠡᠬᠦ ᠱᠤᠭᠤᠮ ᠢ ᠨᠢᠭᠡᠨᠲᠡ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2