ᠱᠠᠩᠳᠤ ᠰᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/5/22
  ᠱᠠᠩᠳᠤ ᠰᠢᠶᠠᠨ ᠳᠡᠭᠡᠳᠦ ᠱᠠᠲᠤᠨ ᠤ ᠪᠠᠭᠤᠯᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠡᠯᠡ ᠮᠥᠩᠭᠦ ᠶᠢ ᠨᠡᠶᠢᠲᠡ 2.13 ᠳ᠋ᠦᠩᠰᠢᠭᠤᠷ ᠲᠥᠭᠦᠷᠢᠭ ᠬᠦᠯᠢᠶᠡᠨ ᠠᠪᠴᠤ᠂ ᠨᠢᠭᠡᠨᠲᠡ 26 ᠲᠥᠷᠥᠯ ᠵᠦᠢᠯ ᠢ ᠲᠣᠬᠢᠷᠠᠭᠤᠯᠵᠤ᠂ ᠬᠡᠷᠡᠭᠵᠢᠭᠦᠯᠬᠦ ᠲᠥᠰᠦᠯ ᠪᠠ ᠰᠠᠨᠠᠭᠤᠯᠭ᠎ᠠ ᠶᠢᠨ ᠪᠢᠴᠢᠭ ᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠨᠲᠡ ᠪᠦᠬᠦᠨ ᠢ ᠪᠡᠶᠡᠯᠡᠭᠦᠯᠪᠡ᠃ ᠡᠭᠦᠨ ᠳᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ 17 ᠪᠠᠶᠢᠵᠤ᠂ ᠪᠠᠯᠠ ᠮᠥᠩᠭᠦ ᠨᠢ 1.46 ᠳ᠋ᠦᠩᠰᠢᠭᠤᠷ ᠲᠥᠭᠦᠷᠢᠭ ᠲᠤ ᠬᠦᠷᠴᠦ ᠂ 68.64% ᠶᠢ ᠡᠵᠡᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ 5᠂ 4916.39 ᠲᠦᠮᠡᠨ ᠲᠥᠭᠦᠷᠢᠭ᠂ 23.07% ᠶᠢ ᠡᠵᠡᠯᠡᠪᠡ︔ ᠬᠤᠷᠢᠭ᠎ᠠ ᠱᠤᠭᠤᠮ ᠢ ᠰᠠᠬᠢᠵᠤ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ 4᠂ 1765.61 ᠲᠦᠮᠡᠨ ᠲᠥᠭᠦᠷᠢᠭ᠂ 8.29% ᠶᠢ ᠡᠵᠡᠯᠡᠪᠡ᠃ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠪᠠᠶᠢᠳᠠᠯ᠄ ᠠᠵᠢᠯ ᠡᠬᠢᠯᠡᠭᠦᠯᠬᠦ ᠨᠥᠬᠦᠴᠡᠯ ᠳᠤ ᠬᠦᠷᠦᠭᠰᠡᠨ ᠲᠥᠷᠥᠯ ᠵᠦᠢᠯ 11 ᠪᠠᠶᠢᠵᠤ᠂ ᠨᠢᠭᠡᠨᠲᠡ ᠪᠦᠬᠦᠨ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2