ᠨᠢᠭᠡ ᠳᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠱᠠᠩᠳᠤ ᠰᠢᠶᠠᠨ ᠳᠤ ᠨᠡᠶᠢᠲᠡ 71.5 ᠲᠦᠮᠡᠨ ᠮᠥ | ᠤᠰᠤᠯᠠᠯᠲᠠ ᠶᠢᠨ ᠭᠠᠵᠠᠷ ᠲᠠᠢ ᠪᠠᠶᠢᠵᠤ᠂ 2024 ᠣᠨ ᠳᠤ ᠮᠠᠨ ᠤ ᠬᠤᠲᠠ ᠲᠣᠰ ᠰᠢᠶᠠᠨ ᠤ ᠭᠠᠵᠠᠷ ᠳᠣᠤᠷᠠᠬᠢ | ᠤᠰᠤᠨ ᠤ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 3927 ᠲᠦᠮᠡᠨ ᠪᠣᠰᠤᠭ᠎ᠠ | ᠳᠥᠷᠪᠡᠯᠵᠢᠨ ᠮᠧᠳ᠋ᠷ ᠪᠠᠭᠤᠯᠭᠠᠵᠤ᠂ ᠡᠯ᠎ᠡ ᠰᠢᠶᠠᠩ ᠪᠠᠯᠭᠠᠰᠤᠨ ᠤ ᠬᠢᠨᠠᠨ ᠲᠣᠭᠲᠠᠭᠠᠭᠰᠠᠨ ᠤᠰᠤᠯᠠᠯᠲᠠ ᠶᠢᠨ | ᠭᠠᠵᠠᠷ ᠤᠨ ᠲᠠᠯᠠᠪᠠᠶ ᠶᠢ ᠦᠨᠳᠦᠰᠦᠯᠡᠨ᠂ ᠤᠰᠤᠨ ᠤ ᠡᠷᠬᠡ ᠶᠢ ᠡᠷᠬᠡ ᠲᠡᠭᠰᠢ ᠪᠠᠷ ᠡᠳ᠋ᠯᠡᠬᠦ ᠵᠠᠷᠴᠢᠮ ᠶᠣᠰᠣᠭᠠᠷ᠂ ᠮᠦ | ᠪᠦᠷᠢ ᠶᠢᠨ ᠳᠤᠮᠳᠠᠴᠢ ᠤᠰᠤᠯᠠᠯᠲᠠ ᠶᠢᠨ ᠨᠣᠷᠮ᠎ᠠ 55 ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠨᠢᠭᠡᠨᠲᠡ | ᠤᠰᠤᠨ ᠤ ᠡᠷᠬᠡ ᠪᠠᠨ ᠰᠢᠶᠠᠩ ᠲᠣᠰᠬᠤᠨ ᠡᠷᠦᠬᠡ ᠳᠤ ᠬᠦᠷᠲᠡᠯ᠎ᠡ ᠬᠤᠪᠢᠶᠠᠷᠢᠯᠠᠪᠠ᠃ ᠬᠤᠶᠠᠷ ᠲᠤ ︽ᠤᠰᠤ ᠶᠢ | ᠭᠠᠩ ᠬᠠᠭᠰᠠᠷᠭᠠᠨ ᠲᠠᠢ ᠪᠣᠯᠭᠠᠬᠤ︾ ᠶᠢ ᠶᠡᠬᠡᠪᠡᠷ ᠬᠡᠷᠡᠭᠵᠢᠭᠦᠯᠦᠨ᠎ᠡ᠃ 2020 ᠣᠨ ᠠᠴᠠ ᠨᠠᠰᠢ᠂ ᠪᠥᠬᠦ | ᠰᠢᠶᠠᠨ ᠢᠶᠠᠷ ᠢᠶᠠᠨ ︽ᠤᠰᠤ ᠶᠢ ᠭᠠᠩ ᠬᠠᠭᠤᠷᠠᠶ ᠪᠣᠯᠭᠠᠬᠤ︾ ᠶᠢ ᠨᠡᠶᠢᠲᠡ 18.98 ᠲᠦᠮᠡᠨ ᠮᠥ ᠪᠡᠶᠡᠯᠡᠭᠦᠯᠵᠦ᠂ | 1969 ᠮᠠᠰᠢᠨ ᠴᠠᠬᠢᠯᠭᠠᠨ ᠬᠤᠳᠳᠤᠭ ᠢ ᠪᠢᠲᠡᠭᠦᠮᠵᠢᠯᠡᠨ ᠵᠣᠭᠰᠣᠭᠠᠵᠤ᠂ ︽ᠤᠰᠤ ᠶᠢ ᠭᠠᠩ ᠬᠠᠭᠤᠷᠠᠶ ᠪᠣᠯᠭᠠᠬᠤ︾ | ᠶᠢ ᠬᠡᠷᠡᠭᠵᠢᠭᠦᠯᠦᠭᠰᠡᠨ ᠤ ᠳᠠᠷᠠᠭ᠎ᠠ᠂ ᠮᠥ ᠪᠦᠷᠢ ᠳᠤ ᠳᠤᠮᠳᠠᠴᠢ ᠪᠠᠷ 100 ᠪᠣᠰᠤᠭ᠎ᠠ ᠳᠥᠷᠪᠡᠯᠵᠢᠨ ᠮᠧᠳ᠋ᠷ ᠭᠠᠵᠠᠷ | ᠳᠣᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠪᠠᠭᠠᠰᠬᠠᠵᠤ᠂ ᠵᠢᠯ ᠳᠤ ᠪᠠᠷᠤᠭ 1898 ᠲᠦᠮᠡᠨ ᠪᠣᠰᠤᠭ᠎ᠠ | ᠳᠥᠷᠪᠡᠯᠵᠢᠨ ᠮᠧᠳ᠋ᠷ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠪᠠᠭᠠᠰᠬᠠᠪᠠ᠃ ᠭᠤᠷᠪᠠ ᠳᠤ᠂ | ᠲᠠᠷᠢᠮᠠᠯ ᠤᠨ ᠪᠦᠲᠦᠴᠡ ᠶᠢ ᠲᠣᠬᠢᠷᠠᠭᠤᠯᠤᠨ᠎ᠠ᠃ ᠤᠰᠤ ᠪᠠᠭ᠎ᠠ ᠬᠤᠷᠣᠭᠳᠠᠭᠤᠯᠬᠤ ᠭᠠᠩ ᠬᠠᠭᠰᠠᠷᠠᠭᠠᠨ ᠳᠤ | ᠲᠡᠰᠪᠦᠷᠢᠲᠡᠶ ᠬᠡᠯᠪᠡᠷᠢ ᠶᠢᠨ ᠲᠠᠷᠢᠮᠠᠯ ᠳᠠᠷᠢᠬᠤ ᠪᠠᠷ ᠭᠤᠤᠯ ᠪᠣᠯᠭᠠᠵᠤ᠂ ᠡᠷᠳᠡᠨᠢ ᠰᠢᠰᠢ᠂ ᠤᠯᠠᠭᠠᠨ ᠱᠤᠰᠢ ᠵᠡᠷᠭᠡ | ᠬᠡᠷᠡᠭᠰᠡᠬᠦ ᠤᠰᠤᠨ ᠤ ᠬᠡᠮᠵᠢᠶ᠎ᠡ ᠨᠡᠯᠢᠶᠡᠳ ᠪᠠᠭ᠎ᠠ᠂ ᠠᠵᠤ ᠠᠬᠤᠶ ᠶᠢᠨ ᠦᠷ᠎ᠡ ᠠᠰᠢᠭ ᠢᠶᠠᠷ ᠥᠨᠳᠥᠷ ᠤᠨᠴᠠᠯᠢᠭᠳᠤ | ᠠᠵᠤ ᠦᠢᠯᠡᠰ ᠢ ᠤᠯᠠᠮ ᠨᠢᠭᠡ ᠠᠯᠬᠤᠮ ᠬᠥᠭᠵᠢᠭᠦᠯᠵᠦ᠂ ︽ᠤᠰᠤᠯᠠᠯᠲᠠ ᠶᠢᠨ ᠭᠠᠵᠠᠷ ᠤᠨ ᠪᠦᠲᠦᠴᠡ ᠶᠢᠨ | ᠴᠢᠨᠠᠷᠲᠠᠶ ᠪᠠᠭᠤᠷᠠᠬᠤ︾ ᠶᠢ ᠪᠡᠶᠡᠯᠡᠭᠦᠯᠵᠦ᠂ ᠪᠣᠳᠠᠲᠠᠶ ᠤᠰᠤᠯᠠᠯᠲᠠ ᠶᠢᠨ ᠲᠠᠯᠠᠪᠠᠶ ᠶᠢ ᠪᠠᠭᠠᠰᠬᠠᠵᠤ᠂ ᠭᠠᠵᠠᠷ | ᠳᠣᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠰᠤᠨ ᠤ | ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠨ᠎ᠠ᠃ 2024 ᠣᠨ ᠳᠤ 3 ᠲᠦᠮᠡᠨ ᠮᠦ ᠲᠠᠷᠢᠮᠠᠯ ᠤᠨ ᠪᠦᠲᠦᠴᠡ ᠳᠤ | ᠲᠣᠬᠢᠷᠠᠭᠤᠯᠤᠯᠲᠠ ᠬᠢᠵᠦ᠂ ᠭᠠᠩ ᠬᠠᠭᠰᠠᠷᠠᠭᠠᠨ ᠲᠠᠢ ᠲᠡᠮᠡᠴᠡᠬᠦ ᠲᠥᠷᠥᠯ ᠵᠦᠢᠯ ᠢ 2 ᠲᠦᠮᠡᠨ ᠮᠦ ᠳᠡᠯᠭᠡᠷᠡᠭᠦᠯᠦᠨ᠎ᠡ᠃ | 5 ᠰᠠᠷ᠎ᠠ ᠶᠢᠨ ᠡᠬᠢ ᠪᠣᠯᠲᠠᠯ᠎ᠠ᠂ ᠴᠠᠭᠠᠨᠨᠠᠭᠤᠷ ᠤᠨ ᠰᠠᠪᠠ ᠭᠠᠵᠠᠷ ᠤᠨ ᠭᠠᠵᠠᠷ ᠳᠣᠣᠷᠠᠬᠢ ᠤᠰᠤᠨ ᠲᠦᠪᠰᠢᠨ | ᠠᠳᠠᠯᠢ ᠬᠤᠭᠤᠴᠠᠭᠠᠨ ᠤ ᠬᠢ ᠠᠴᠠ 0.33 ᠮᠧᠳ᠋ᠷ ᠳᠡᠭᠡᠭᠰᠢᠯᠡᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠣᠷᠣᠨ ᠤ ᠤᠰᠤᠨ ᠲᠦᠪᠰᠢᠨ ᠠᠳᠠᠯᠢ ᠬᠤᠭᠤᠴᠠᠭᠠᠨ ᠤ ᠬᠢ ᠠᠴᠠ 0.58 ᠮᠧᠳ᠋ᠷ ᠨᠡᠮᠡᠭᠳᠡᠵᠦ᠂ | ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠪᠣᠯᠪᠠ᠃ | | | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |