ᠱᠠᠩᠳᠤ ᠰᠢᠶᠠᠨ᠄ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠪᠣᠳᠠᠲᠠᠶ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2024/5/22
  ᠨᠢᠭᠡ ᠳᠤ ︽ᠨᠠᠶᠢᠳᠠᠪᠤᠷᠢᠵᠢᠭᠤᠯᠬᠤ ᠲᠥᠷᠥᠭᠳᠡᠯ︾ ᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠦᠨᠡᠨ ᠬᠦ ︽ᠴᠠᠭᠠᠰᠤᠨ ᠳᠡᠭᠡᠷ᠎ᠡ︾ ᠠᠴᠠ ︽ᠭᠠᠵᠠᠷ ᠳᠡᠭᠡᠷ᠎ᠡ︾ ᠨᠠᠶᠢᠳᠠᠪᠤᠷᠢᠵᠢᠭᠤᠯᠪᠠ᠃ 2024 ᠣᠨ ᠳᠤ ᠳᠡᠭᠡᠳᠦ ᠱᠠᠲᠤᠨ ᠤ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠲᠥᠷᠥᠯ ᠵᠦᠢᠯ ᠢ 7 ᠤᠯᠬᠤ ᠪᠠᠷ ᠴᠢᠷᠮᠠᠶᠢᠵᠤ᠂ ᠡᠭᠦᠨ ᠳᠤ ᠲᠥᠪ ᠤᠨ ᠲᠥᠰᠦᠪ ᠤᠨ ᠳᠣᠲᠣᠷᠠᠬᠢ ᠪᠠᠯᠠ ᠮᠥᠩᠭᠦ 1.6 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ 1060 ᠲᠦᠮᠡᠨ ᠲᠥᠭᠦᠷᠢᠭ᠂ ᠪᠥᠬᠦ ᠬᠤᠲᠠ ᠶᠢᠨ ᠬᠤᠶᠠᠳᠤᠭᠠᠷ ᠲᠤ ᠵᠢᠭᠰᠠᠭᠠᠭᠳᠠᠪᠠ᠃    ᠬᠤᠶᠠᠷ ᠲᠤ᠂ ︽ᠲᠤᠯᠭᠠᠭᠤᠷᠢᠯᠠᠬᠤ ᠰᠡᠳᠬᠢᠯᠭᠡ︾ ᠶᠢ ᠴᠢᠩᠭᠠᠳᠬᠠᠵᠤ᠂ ᠭᠤᠤᠯᠳᠠᠯᠭ᠎ᠠ ᠲᠠᠢ ᠡᠭᠦᠷᠭᠡ ᠴᠢᠬᠤᠯᠠ ᠶᠡᠭᠡ ᠲᠥᠷᠥᠯ ᠵᠦᠢᠯ ᠢ ᠠᠬᠢᠭᠤᠯᠤᠨ ᠰᠠᠶᠢᠨ ᠡᠬᠢᠯᠡᠯᠲᠡ ᠲᠠᠢ ᠪᠣᠯᠭᠠᠪᠠ᠃ ᠪᠥᠬᠦ ᠵᠢᠯ ᠳᠤ 17 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 377.56 ᠳ᠋ᠦᠩᠰᠢᠭᠤᠷ ᠲᠥᠭᠦᠷᠢᠭ ᠲᠤ ᠬᠦᠷᠴᠦ᠂ ᠣᠨ ᠤ ᠲᠥᠯᠥᠪᠯᠡᠭᠡ ᠳᠤ 113.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 5 ᠰᠠᠷ᠎ᠠ ᠶᠢᠨ 8 ᠤ ᠡᠳᠦᠷ ᠪᠣᠯᠲᠠᠯ᠎ᠠ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠨᠢᠭᠡᠨᠲᠡ ᠪᠦᠬᠦᠨ ᠢ ᠰᠢᠢᠳᠪᠦᠷᠢᠯᠡᠨ ᠳᠠᠭᠤᠰᠬᠠᠵᠤ᠂ ᠡᠭᠦᠨ ᠳᠤ 14 ᠲᠥᠷᠥᠯ ᠵᠦᠢᠯ ᠢ ᠡᠬᠢᠯᠡᠭᠦᠯᠦᠨ ᠰᠡᠷᠭᠦᠭᠡᠵᠦ᠂ ᠠᠵᠢᠯ ᠡᠬᠢᠯᠡᠭᠦᠯᠦᠨ ᠰᠡᠷᠭᠦᠭᠡᠭᠰᠡᠨ ᠨᠣᠷᠮ᠎ᠠ ᠨᠢ 82.4% ᠪᠠᠶᠢᠵᠤ᠂ ᠨᠢᠭᠡᠨᠲᠡ 9.34 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠵᠢᠯ ᠤᠨ ᠲᠥᠯᠥᠪᠯᠡᠭᠡ ᠶᠢᠨ ᠪᠠᠯᠠ ᠣᠷᠣᠭᠤᠯᠤᠯᠲᠠ ᠶᠢᠨ ᠨᠣᠷᠮ᠎ᠠ ᠨᠢ 8.2% ᠲᠤ ᠬᠦᠷᠴᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2