ᠱᠠᠩᠳᠤ ᠰᠢᠶᠠᠨ ᠤ ᠳᠤᠯᠠᠭᠠᠯᠠᠭ᠎ᠠ ᠪᠠᠨ ᠵᠣᠭᠰᠣᠭᠠᠭᠰᠠᠨ ︽ᠳᠤᠯᠠᠭᠠᠨ ᠢᠨᠵᠧᠨᠧᠷᠢᠩ︾ ᠤᠨ ᠬᠤᠷᠳᠤᠴᠠ ᠨᠢ ᠲᠦᠷᠭᠡᠳᠪᠡ
ᠨᠡᠶᠢᠲᠡᠯᠡᠭᠰᠡᠨ ᠴᠠᠭ᠄
2024/5/22
   ᠨᠢᠭᠡ ᠳᠤ᠂ ᠬᠠᠭᠤᠴᠢᠨ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠦᠨ᠎ᠡ᠃ 20 ᠵᠢᠯ ᠬᠡᠲᠦᠷᠡᠭᠰᠡᠨ ᠪᠠ ᠠᠮᠤᠷ ᠲᠦᠪᠰᠢᠨ ᠤ ᠲᠦᠭᠰᠢᠭᠦᠷᠢ ᠶᠡᠭᠡ ᠲᠠᠢ ᠬᠠᠭᠤᠴᠢᠨ ᠬᠤᠭᠤᠯᠠᠶ ᠶᠢᠨ ᠲᠣᠤᠷ ᠢ 27.26 ᠺᠢᠯᠣᠮᠧᠳ᠋ᠷ ᠰᠢᠨᠡᠳᠬᠡᠵᠦ᠂ ᠥᠭᠡᠷᠡᠴᠢᠯᠡᠬᠦ ᠪᠠᠷ ᠲᠥᠯᠥᠪᠯᠡᠵᠦ᠂ ᠲᠣᠰ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠭᠠᠷ ᠭᠦᠶ᠋ᠴᠡᠳᠬᠡᠯ ᠪᠦᠷᠢᠨ ᠭᠦᠶ᠋ᠴᠡᠳ ᠪᠥᠭᠡᠳ 2023 ᠣᠨ ᠳᠤ ᠪᠠᠷᠢᠯᠭ᠎ᠠ ᠡᠬᠢᠯᠡᠭᠦᠯᠵᠦ᠂ ᠪᠠᠶᠢᠭᠤᠯᠵᠤ ᠪᠠᠶᠢᠭ᠎ᠠ ᠲᠥᠷᠥᠯ ᠵᠦᠶ᠋ᠯ ᠳᠤ ᠬᠠᠷᠢᠶᠠᠯᠠᠭᠳᠠᠬᠤ ᠮᠥᠷᠲᠡᠭᠡᠨ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠥᠭᠡᠷᠡᠴᠢᠯᠡᠬᠦ ᠲᠥᠷᠥᠯ ᠵᠦᠶ᠋ᠯ ᠤᠨ ᠬᠥᠮᠥᠷᠭᠡ ᠳᠤ ᠣᠷᠣᠭᠤᠯᠵᠤ᠂ ᠣᠳᠣᠬᠠᠨ ᠳᠤ ᠨᠢᠭᠡᠨᠲᠡ ᠠᠵᠢᠯ ᠢᠶᠠᠨ ᠰᠡᠷᠭᠦᠭᠡᠵᠦ ᠪᠥᠲᠥᠭᠡᠨ ᠪᠠᠶᠢᠭᠤᠯᠪᠠ᠃    ᠬᠤᠶᠠᠷ ᠲᠤ᠂ ᠬᠡᠷᠡᠭᠯᠡᠭᠴᠢ ᠶᠢᠨ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠬᠠᠭᠤᠴᠢᠨ ᠬᠤᠷᠢᠶᠠᠯᠠᠯ᠂ ᠢᠯᠴᠢ ᠬᠠᠩᠭᠠᠬᠤ ᠠᠰᠠᠭᠤᠳᠠᠯ ᠤᠨ ᠲᠤᠬᠠᠶ ᠲᠤᠰᠬᠠᠯ ᠲᠥᠪᠯᠡᠷᠡᠭᠰᠡᠨ ᠬᠡᠷᠡᠭᠯᠡᠭᠴᠢᠳ ᠲᠤ ᠬᠡᠷ ᠳᠣᠲᠣᠷᠠᠬᠢ ᠳᠤᠯᠠᠭᠠᠨ ᠤ ᠬᠡᠮᠵᠢᠯᠲᠡ ᠶᠢᠨ ᠥᠭᠡᠷᠡᠴᠢᠯᠡᠯᠲᠡ ᠶᠢ ᠭᠤᠤᠯᠳᠠᠯᠭ᠎ᠠ ᠲᠠᠢ ᠬᠢᠨ᠎ᠠ᠃ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠢᠴᠠᠭᠠᠨ ᠬᠡᠮᠵᠢᠬᠦ 300 ᠭᠠᠷᠤᠢ ᠲᠥᠬᠦᠭᠡᠷᠦᠮᠵᠢ ᠶᠢ ᠤᠭᠰᠠᠷ ᠠᠬᠤ ᠪᠠᠷ ᠲᠥᠯᠥᠪᠯᠡᠵᠦ ᠪᠠᠢᠨ᠎ᠠ᠃ ᠤᠳᠤ ᠲᠥᠬᠦᠭᠡᠷᠦᠮᠵᠢ ᠬᠤᠳᠠᠯᠳᠤᠨ ᠠᠪᠬᠤ ᠡᠮᠦᠨ᠋ᠡᠬᠢ ᠬᠤᠬᠤᠴᠠᠬᠠᠨ ᠤ ᠪᠡᠯᠡᠳᠬᠡᠯ ᠠᠵᠢᠯ ᠬᠢᠵᠦ ᠪᠠᠶᠢᠨ᠎ᠠ᠃    ᠭᠤᠷᠪᠠ ᠳᠤ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ᠃ ᠰᠠᠭᠤᠭᠠᠯᠢ ᠠᠷᠠᠳ ᠤᠨ ᠢᠯᠴᠢ ᠬᠠᠩᠭᠠᠬᠤ ᠶᠢ ᠴᠢᠨᠠᠷ ᠰᠠᠶᠢᠲᠠᠶ ᠪᠠᠲᠤᠯᠠᠬᠤ ᠶᠢᠨ ᠲᠥᠯᠥᠭᠡ᠂ ᠾᠧᠩ ᠬᠤᠶ ᠢᠯᠴᠢ ᠴᠠᠬᠢᠯᠭᠠᠨ ᠤ ᠺᠣᠮᠫᠠᠨᠢ ᠳᠤ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠬᠢᠬᠦ ᠶᠢᠨ ᠬᠠᠮᠲᠤ ᠬᠤᠩ ᠱᠧᠩ ᠢᠯᠴᠢ ᠶᠢᠨ ᠬᠦᠴᠦᠨ ᠤ ᠺᠣᠮᠫᠠᠨᠢ ᠶᠢ ᠢᠯᠴᠢ ᠰᠣᠯᠢᠯᠴᠠᠬᠤ ᠥᠷᠲᠡᠭᠡ ᠪᠣᠯᠭᠠᠨ ᠥᠭᠡᠷᠡᠴᠢᠯᠡᠵᠦ ᠂ ᠬᠤᠩ ᠱᠧᠩ ᠢᠯᠴᠢ ᠬᠠᠩᠭᠠᠬᠤ ᠲᠣᠭᠤᠷᠢᠭ ᠢ ᠾᠧᠩ ᠬᠤᠶ ᠢᠯᠴᠢ ᠴᠠᠬᠢᠯᠭᠠᠨ ᠤ ᠬᠤᠭᠤᠯᠠᠶ ᠶᠢᠨ ᠲᠣᠤᠷ ᠲᠤ ᠵᠠᠯᠭᠠᠨ ᠣᠷᠣᠭᠤᠯᠵᠤ᠂ ᠬᠤᠭᠤᠯᠠᠶ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠪᠡ᠃    ᠳᠥᠷᠪᠡ ᠳᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ 2023 - 2024 ᠣᠨ ᠤ ᠡᠭᠦᠷᠭᠡ ᠶᠢᠨ ᠬᠡᠮᠵᠢᠶ᠎ᠡ 24120 ᠡᠷᠦᠬᠡ ᠪᠠᠶᠢᠵᠤ᠂ ᠡᠭᠦᠨ ᠳᠤ 2024 ᠣᠨ ᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠡᠭᠦᠷᠭᠡ 11625 ᠡᠷᠦᠬᠡ ᠪᠠᠶᠢᠵᠤ᠂ ᠨᠢᠭᠡᠨᠲᠡ ᠦᠨᠡᠨ ᠬᠦ ᠲᠣᠰᠬᠤᠨ ᠲᠣᠳᠣᠷᠬᠠᠶ᠂ ᠨᠠᠷᠢᠯᠢᠭ ᠪᠥᠭᠡᠳ ᠪᠣᠳᠠᠲᠠᠶᠢᠵᠢᠭᠤᠯᠬᠤ ᠵᠠᠷᠴᠢᠮ ᠶᠣᠰᠣᠭᠠᠷ᠂ ᠡᠯ᠎ᠡ ᠰᠢᠶᠠᠩ ᠪᠠᠯᠭᠠᠰᠤᠨ ᠤ ᠪᠣᠳᠠᠲᠠᠶ ᠲᠠᠢ ᠪᠠᠨ ᠤᠶᠠᠯᠳᠤᠭᠤᠯᠤᠨ ᠡᠭᠦᠷᠭᠡ ᠶᠢᠨ ᠬᠤᠪᠢᠶᠠᠷᠢᠯᠠᠯ ᠬᠢᠭᠰᠡᠨ ᠪᠥᠭᠡᠳ ᠬᠠᠮᠢᠶ᠎ᠠ ᠪᠥᠬᠦᠶ ᠨᠢᠭᠡᠴᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ 2023 ᠣᠨ ᠤ ᠲᠣᠭᠲᠠᠭᠠᠭᠰᠠᠨ ︽ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠶᠣᠰᠣᠭᠠᠷ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠤᠷᠤᠭᠰᠢᠲᠠᠶ ᠠᠬᠢᠭᠤᠯᠬᠤ ᠶᠢ ᠦᠨᠡᠨᠬᠦ ᠪᠠᠲᠤᠯᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2