ᠱᠠᠩᠳᠤ ᠰᠢᠶᠠᠨ ᠠᠭᠤᠷᠬᠠᠶ ᠶᠢᠨ ᠪᠣᠬᠢᠷᠲᠤᠯ ᠥᠬᠡᠶ ᠬᠥᠭᠵᠢᠯᠲᠡ ᠶᠢ ᠢᠳᠡᠪᠬᠢᠲᠡᠶ ᠠᠬᠢᠭᠤᠯᠪᠠ
ᠨᠡᠶᠢᠲᠡᠯᠡᠭᠰᠡᠨ ᠴᠠᠭ᠄
2024/5/22
   ᠱᠠᠩᠳᠤ ᠰᠢᠶᠠᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠭᠤᠷᠬᠠᠶ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠲᠠᠪᠴᠠᠩ ᠪᠠ ᠭᠠᠷᠳᠠᠴᠠ ᠪᠣᠯᠭᠠᠵᠤ᠂ ᠪᠣᠳᠠᠲᠠᠶ ᠲᠠᠢ ᠪᠠᠨ ᠤᠶᠠᠯᠳᠤᠭᠤᠯᠤᠨ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠰᠢᠨ᠎ᠡ ᠠᠷᠭ᠎ᠠ ᠶᠢ ᠲᠤᠷᠰᠢᠵᠤ᠂ ᠠᠭᠤᠷᠬᠠᠶ ᠶᠢᠨ ᠦᠢᠯᠡᠰ ᠤᠨ ᠠᠵᠤ ᠠᠬᠤᠶᠢᠯᠠᠯ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠬᠥᠲᠥᠯᠦᠨ ᠵᠢᠯᠣᠭᠤᠳᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ᠃    ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠠᠵᠢᠯ ᠢ ᠰᠠᠶᠢᠲᠤᠷ ᠠᠳᠬᠤᠬᠤ ᠲᠠᠯ᠎ᠠ ᠪᠠᠷ᠂ ᠨᠢᠭᠡ ᠳᠤ᠂ 2023 ᠣᠨ ᠤ 10 ᠰᠠᠷ᠎ᠠ ᠳᠤ ︽ᠱᠠᠩᠳᠤ ᠰᠢᠶᠠᠨ ᠤ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠲᠥᠷᠥᠯ ᠵᠦᠶ᠋ᠯ︾ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠪᠡᠶᠡᠯᠡᠭᠦᠯᠪᠡ︔ ᠬᠤᠶᠠᠷ ᠲᠤ᠂ 11 ᠰᠠᠷ᠎ᠠ ᠠᠴᠠ 12 ᠰᠠᠷ᠎ᠠ ᠪᠣᠯᠲᠠᠯ᠎ᠠ 30 ᠵᠠᠰᠠᠯᠲᠠ ᠶᠢᠨ ᠣᠷᠣᠨ ᠳᠤ ᠬᠥᠲᠥᠯ ᠢ ᠬᠤᠰᠤᠬᠤ᠂ ᠬᠡᠯᠪᠡᠷᠢᠵᠢᠭᠦᠯᠬᠦ᠂ ᠡᠭᠡᠭᠦᠯᠦᠨ ᠪᠥᠭᠯᠡᠬᠦ᠂ ᠴᠡᠪᠡᠷᠯᠡᠨ ᠲᠡᠭᠡᠭᠡᠪᠦᠷᠢᠯᠡᠬᠦ᠂ ᠰᠢᠷᠣᠶ ᠬᠤᠷᠢᠶᠠᠬᠤ ᠵᠡᠷᠭᠡ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠪᠡᠶᠡᠯᠡᠭᠦᠯᠪᠡ᠃ ᠵᠢᠱᠢᠯᠲᠡ ᠪᠠᠷ ᠡᠨᠡ ᠵᠢᠯ ᠤᠨ 5 ᠰᠠᠷ᠎ᠠ ᠶᠢᠨ ᠰᠡᠭᠦᠯᠴᠢ ᠠᠴᠠ ᠡᠮᠦᠨ᠎ᠡ ᠤᠷᠭᠤᠮᠠᠯ ᠤᠨ ᠪᠦᠷᠬᠦᠴᠡ ᠶᠢ ᠰᠡᠷᠭᠦᠭᠡᠬᠦ ᠠᠵᠢᠯ ᠢ ᠳᠠᠭᠤᠰᠬᠠᠵᠤ᠂ 9 ᠰᠠᠷ᠎ᠠ ᠳᠤ ᠪᠠᠷᠢᠯᠭ᠎ᠠ ᠶᠢ ᠰᠢᠯᠭᠠᠨ ᠠᠪᠬᠤ ᠶᠢ ᠪᠡᠶᠡᠯᠡᠭᠦᠯᠦᠨ᠎ᠡ᠃    ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠲᠠᠯ᠎ᠠ ᠪᠠᠷ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠠᠵᠢᠯ ᠢ 1 ᠪᠡᠶᠡᠯᠡᠭᠦᠯᠵᠦ᠂ ᠪᠣᠬᠢᠷᠲᠤᠯ ᠥᠬᠡᠶ ᠠᠭᠤᠷᠬᠠᠶ ᠶᠢ ᠭᠤᠷᠪᠠᠳᠠᠬᠢ ᠡᠲᠡᠭᠡᠳ ᠠᠴᠠ ᠦᠨᠡᠯᠡᠨ ᠵᠢᠱᠢᠬᠦ ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠵᠦ ᠵᠠᠷᠯᠠᠨ ᠨᠡᠶᠢᠲᠡᠯᠡᠬᠦ ᠶᠢ ᠬᠦᠯᠢᠶᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2