ᠱᠠᠩᠳᠤ ᠶᠢᠨ ᠠᠩᠬᠠᠳᠠᠭᠴᠢ ᠪᠦᠯᠦᠭ ︽ᠪᠣᠬᠢᠷᠲᠤᠯ ᠥᠬᠡᠶ ᠲᠦᠷᠭᠡᠨ ᠴᠡᠨᠡᠭᠯᠡᠬᠦ ᠪᠠᠭᠠᠨ᠎ᠠ︾ ᠶᠢᠨ ᠠᠵᠢᠯ ᠤᠨ ᠪᠠᠶᠢᠷᠢ ᠳᠤ ᠭᠠᠷᠤᠭᠰᠠᠨ
ᠨᠡᠶᠢᠲᠡᠯᠡᠭᠰᠡᠨ ᠴᠠᠭ᠄
2024/5/22
  ᠣᠳᠣᠬᠠᠨ ᠳᠤ᠂ ᠱᠠᠩᠳᠤ ᠶᠢᠨ ᠠᠩᠬᠠᠳᠠᠭᠴᠢ ᠪᠦᠯᠦᠭ 39 ᠴᠠᠬᠢᠯᠭᠠᠨ ᠲᠦᠷᠭᠡᠨ ᠴᠡᠨᠡᠭᠯᠡᠬᠦ ᠪᠠᠭᠠᠨ᠎ᠠ ᠨᠢᠭᠡᠨᠲᠡ ᠰᠦᠯᠵᠢᠶᠡᠨ ᠳᠤ ᠭᠠᠷᠴᠤ᠂ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠦᠷᠳᠡᠭᠡ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠠᠰᠠᠷ ᠪᠠᠶᠢᠰᠢᠩ ᠵᠡᠷᠭᠡ ᠤᠯᠠᠨ ᠡᠵᠡᠩᠨᠡᠯᠲᠡ ᠶᠢᠨ ᠬᠡᠯᠪᠡᠷᠢ ᠶᠢᠨ ᠦᠵᠡᠭᠳᠡᠯ ᠢ ᠬᠠᠮᠤᠷᠴᠠᠢ᠃ ᠱᠠᠩᠳᠤ ᠰᠢᠶᠠᠨ ᠤ ᠲᠤᠤᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢ ᠠᠬᠢᠭᠤᠯᠬᠤ᠂ ᠪᠣᠬᠢᠷᠲᠤᠯ ᠦᠭᠡᠢ ᠭᠠᠵᠠᠷ ᠣᠷᠣᠨ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃    ᠣᠶᠢᠯᠠᠭᠠᠭᠰᠠᠨ ᠢᠶᠠᠷ᠂ ᠲᠣᠰ ᠴᠠᠬᠢᠯᠭᠠᠨ ᠴᠡᠨᠡᠭᠯᠡᠬᠦ ᠱᠣᠩ ᠤᠨ ᠲᠥᠷᠥᠯ ᠵᠦᠢᠯ ᠨᠢ 39 ᠲᠦᠷᠭᠡᠨ ᠴᠡᠨᠡᠭᠯᠡᠬᠦ ᠪᠠᠭᠠᠨ᠎ᠠ ᠪᠠᠶᠢᠵᠤ᠂ ᠨᠡᠶᠢᠲᠡ 770 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠴᠠᠬᠢᠯᠭᠠᠨ ᠴᠡᠨᠡᠭᠯᠡᠬᠦ ᠪᠠᠭᠠᠨ᠎ᠠ ᠨᠢ ᠨᠢᠭᠡ ᠴᠠᠬᠢᠯᠭᠠᠨ ᠴᠡᠨᠡᠭᠯᠡᠬᠦ ᠱᠣᠩ ᠪᠠᠶᠢᠵᠤ᠂ ᠳᠠᠷᠤᠶ ᠨᠢᠭᠡ ᠴᠠᠬᠢᠯᠭᠠᠨ ᠴᠡᠨᠡᠭᠯᠡᠬᠦ ᠱᠣᠩ 2 ᠪᠠᠶᠢᠵᠤ᠂ ᠡᠭᠦᠨ ᠤ ᠬᠠᠮᠲᠤ 2 ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠵᠦ᠂ ᠢᠩᠬᠢᠵᠦ ᠭᠠᠵᠠᠷ ᠡᠵᠡᠯᠡᠵᠦ ᠪᠣᠯᠬᠤ ᠮᠥᠷᠲᠡᠭᠡᠨ ᠪᠠᠰᠠ ᠰᠠᠭᠤᠭᠠᠯᠢ ᠠᠷᠠᠳ ᠲᠤ ᠴᠠᠬᠢᠯᠭᠠᠨ ᠴᠡᠨᠡᠭᠯᠡᠬᠦ ᠳᠤ ᠬᠠᠮᠤᠭ ᠤᠨ ᠶᠡᠭᠡ ᠳᠥᠭᠦᠮ ᠳᠥᠲᠡ ᠦᠢᠯᠡᠴᠢᠯᠡᠭᠡ ᠬᠠᠩᠭᠠᠵᠤ ᠪᠣᠯᠤᠨ᠎ᠠ᠃ ᠲᠥᠷᠥᠯ ᠵᠦᠢᠯ ᠤᠨ ᠠᠵᠢᠯ ᠡᠬᠢᠯᠡᠭᠰᠡᠨ ᠠᠴᠠ ᠨᠠᠰᠢ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠤᠯᠠᠭᠠᠨᠴᠠᠪ ᠤᠨ ᠴᠠᠬᠢᠯᠭᠠᠨ ᠬᠠᠩᠭᠠᠬᠤ ᠺᠣᠮᠫᠠᠨᠢ ᠶᠢᠨ ᠱᠠᠩᠳᠤ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠣᠶᠢᠷ᠎ᠠ ᠶᠢᠨ ᠬᠤᠭᠤᠴᠠᠭᠠᠨ ᠤ ᠪᠣᠷᠣᠭᠠᠨ ᠶᠡᠬᠡᠲᠡᠢ ᠶᠡᠭᠡ ᠰᠠᠯᠬᠢ ᠵᠡᠷᠭᠡ ᠮᠠᠭᠤ ᠬᠦᠴᠦᠨ ᠵᠦᠢᠯ ᠢ ᠢᠯᠠᠨ ᠳᠠᠪᠠᠵᠤ᠂ ᠢᠨᠵᠧᠨᠧᠷᠢᠩ ᠤᠨ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠬᠠᠪᠤᠷ ᠤᠨ ᠪᠠᠶᠢᠴᠠᠭᠠᠯᠲᠠ ᠶᠢᠨ ᠪᠠᠶᠢᠴᠠᠭᠠᠨ ᠵᠠᠰᠠᠬᠤ ᠴᠣᠩᠬᠤᠪᠴᠢ ᠶᠢᠨ ᠬᠤᠭᠤᠴᠠᠭᠠᠨ ᠤ ᠬᠢ ᠲᠠᠢ ᠤᠶᠠᠯᠳᠤᠭᠤᠯᠵᠤ᠂ ᠴᠠᠭ ᠮᠥᠴᠡ ᠶᠢ ᠠᠮᠵᠢᠨ ᠠᠬᠢᠴᠠ ᠶᠢ ᠲᠦᠷᠭᠡᠳᠬᠡᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠱᠠᠩᠳᠤ ᠰᠢᠶᠠᠨ ᠤ ᠠᠩᠬᠠᠳᠠᠭᠴᠢ ᠪᠦᠯᠦᠭ ᠲᠦᠷᠭᠡᠨ ᠴᠠᠬᠢᠯᠭᠠᠨ ᠴᠡᠨᠡᠭᠯᠡᠬᠦ ᠪᠠᠭᠠᠨ᠎ᠠ ᠶᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃    ᠲᠤᠰ ᠲᠦᠷᠦᠯ ᠵᠦᠢᠯ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠤᠭᠰᠠᠨ ᠨᠢ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠤᠯᠠᠭᠠᠨᠴᠠᠪ ᠤᠨ ᠴᠠᠬᠢᠯᠭᠠᠨ ᠬᠠᠩᠭᠠᠬᠤ ᠺᠣᠮᠫᠠᠨᠢ ᠶᠢᠨ ᠱᠠᠩᠳᠤ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠱᠠᠩᠳᠤ ᠶᠢᠨ ᠣᠷᠣᠨ ᠪᠦᠰᠡ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠠᠭᠤᠷᠢ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠪᠦᠬᠦᠨ ᠢ ᠪᠦᠷᠬᠦᠬᠦᠯᠵᠦ ᠰᠢᠨ᠎ᠡ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠬᠤ ᠪᠥᠭᠡᠳ ᠲᠤᠬᠠᠢ ᠶᠢᠨ ᠭᠠᠵᠠᠷ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠲᠤᠰ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠮ ᠬᠠᠷᠢᠯᠴᠠᠭ᠎ᠠ ᠪᠣᠯᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠱᠠᠩᠳᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠣᠬᠢᠷᠲᠤᠯ ᠦᠭᠡᠢ ᠬᠥᠭᠵᠢᠯᠲᠡ ᠳᠤ ᠲᠠᠬᠢᠨ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2