ᠱᠠᠩᠳᠤ ᠰᠢᠶᠠᠨ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠢᠭᠤᠳᠬᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/5/22
  ᠲᠣᠰ ᠤᠳᠠᠭᠠᠨ ᠤ ᠠᠷᠢᠭᠤᠳᠬᠠᠵᠤ ᠡᠬᠢ ᠡᠭᠦᠰᠦᠯ ᠢ ᠨᠢ ᠤᠰᠠᠳᠬᠠᠬᠤ ᠠᠵᠢᠯᠯᠠᠭ᠎ᠠ ᠨᠢ ᠮᠠᠨ ᠤ ᠰᠢᠶᠠᠨ ᠪᠣᠯᠤᠨ ᠰᠢᠯᠢ ᠶᠢᠨ ᠭᠤᠤᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤᠨ ᠤ ᠬᠢᠯᠢ ᠨᠡᠶᠢᠯᠡᠭᠰᠡᠨ ᠶᠡᠭᠡ ᠬᠦᠷᠢᠶ᠎ᠡ ᠰᠢᠶᠠᠩ ᠤᠨ ᠰᠢ ᠶᠢᠩ ᠲᠣᠰᠬᠤᠨ ᠤ ᠠᠷᠠᠳ ᠤᠨ ᠵᠥᠪᠯᠡᠯ᠂ ᠭᠦᠸᠧ ᠫᠧᠩ ᠲᠣᠰᠬᠤᠨ ᠤ ᠲᠣᠰᠬᠤᠨ ᠤ ᠠᠷᠠᠳ ᠤᠨ ᠵᠥᠪᠯᠡᠯ ᠵᠡᠷᠭᠡ 2 ᠵᠠᠰᠠᠭ ᠵᠠᠬᠢᠷᠭᠠᠨ ᠤ ᠲᠣᠰᠬᠤᠨ ᠤ 7 ᠪᠠᠶᠢᠭᠠᠯᠢ ᠶᠢᠨ ᠲᠣᠰᠬᠤᠨ ᠤ 66 ᠡᠷᠦᠬᠡ ᠵᠢᠴᠢ ᠬᠠᠷᠢᠶ᠎ᠠ ᠣᠷᠣᠨ ᠤ ᠬᠤᠶᠠᠷ ᠲᠤᠰᠬᠠᠶ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠠᠰᠢᠶ᠎ᠠ ᠰᠠᠷᠠᠪᠴᠢ᠂ ᠠᠵᠢᠯᠯᠠᠭᠠᠨ ᠤ ᠲᠠᠯᠠᠪᠤᠷ᠂ ᠬᠦᠷᠢᠶ᠎ᠡ ᠬᠠᠰᠢᠶ᠎ᠠ ᠶᠢ ᠠᠷᠢᠭᠤᠳᠬᠠᠬᠤ ᠶᠢᠨ ᠬᠠᠮᠲᠤ ᠮᠠᠨ ᠤ ᠰᠢᠶᠠᠨ ᠤ ᠭᠠᠭ᠋ᠠᠶ ᠨᠢᠲᠤᠯᠬᠤ ᠭᠠᠵᠠᠷ ᠤᠨ 2 ᠲᠣᠮᠣ ᠬᠡᠯᠪᠡᠷᠢ ᠶᠢᠨ ᠦᠢᠯᠡᠳᠪᠦᠷᠢᠯᠡᠯ ᠤᠨ ᠲᠠᠰᠤᠭ᠂ ᠲᠤᠰᠠᠭᠠᠷᠯᠠᠬᠤ ᠬᠦᠷᠢᠶ᠎ᠡ᠂ ᠨᠢᠲᠤᠯᠬᠤ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠭᠤᠤᠯᠳᠠᠯᠭ᠎ᠠ ᠲᠠᠢ ᠤᠰᠠᠳᠬᠠᠪᠠ᠃    ᠣᠳᠣᠬᠠᠨ ᠪᠣᠯᠲᠠᠯ᠎ᠠ᠂ ᠮᠠᠨ ᠤ ᠲᠥᠪ ᠨᠢᠭᠡᠨᠲᠡ ᠡᠯ᠎ᠡ ᠰᠢᠶᠠᠩ ᠪᠠᠯᠭᠠᠰᠤᠨ ᠤ ᠥᠷᠲᠡᠭᠡ ᠳᠤ 1.5 ᠲᠣᠨ ᠠᠷᠢᠭᠤᠳᠬᠠᠬᠤ ᠡᠮ ᠥᠭᠴᠦ᠂ ᠡᠯ᠎ᠡ ᠰᠢᠶᠠᠩ ᠪᠠᠯᠭᠠᠰᠤᠨ ᠤ ᠠᠷᠢᠭᠤᠳᠬᠠᠯ ᠤᠨ ᠡᠬᠢ ᠰᠤᠷᠪᠤᠯᠵᠢ ᠶᠢ ᠤᠰᠠᠳᠬᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠂ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠪᠥᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠠᠷᠢᠭᠤᠳᠬᠠᠬᠤ ᠲᠠᠯᠠᠪᠠᠶ ᠨᠢ ᠪᠠᠷᠤᠭ 50 ᠲᠦᠮᠡᠨ ᠲᠡᠭᠰᠢ ᠳᠥᠷᠪᠡᠯᠵᠢᠨ ᠮᠧᠳ᠋ᠷ ᠪᠠᠶᠢᠨ᠎ᠠ᠃ ᠪᠦᠬᠦ ᠲᠠᠯ᠎ᠠ ᠪᠠᠷ ᠲᠦᠢᠯᠪᠤᠷᠢᠲᠠᠢ ᠠᠷᠢᠭᠤᠳᠬᠠᠵᠤ᠂ ᠠᠷᠢᠭᠤᠳᠬᠠᠭᠰᠠᠨ ᠲᠠᠯᠠᠪᠠᠢ ᠪᠠᠷᠤᠭ 32.75 ᠲᠦᠮᠡᠨ ᠲᠡᠭᠰᠢ ᠳᠥᠷᠪᠡᠯᠵᠢᠨ ᠮᠧᠳ᠋ᠷ ᠲᠤ ᠬᠦᠷᠴᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2