2024 ᠣᠨ ᠤ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠥᠬᠦ ᠬᠤᠲᠠ ᠶᠢᠨ ᠬᠤᠷᠢ ᠶᠢᠰᠦᠳᠦᠭᠡᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠱᠠᠩᠳᠤ ᠰᠢᠶᠠᠨ ᠤ ᠰᠢᠶᠠᠩ ᠾᠧ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠬᠤ ᠪᠣᠯᠤᠨ᠎ᠠ
ᠨᠡᠶᠢᠲᠡᠯᠡᠭᠰᠡᠨ ᠴᠠᠭ᠄
2024/5/22
  ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ 2024 ᠣᠨ ᠤ 5 ᠰᠠᠷ᠎ᠠ ᠶᠢᠨ 25 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯ᠎ᠠ ᠬᠠᠮᠲᠤᠷᠠᠨ 2024 ᠣᠨ ᠤ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠥᠬᠦ ᠬᠤᠲᠠ ᠶᠢᠨ ᠬᠤᠷᠢ ᠶᠢᠰᠦᠳᠦᠭᠡᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠢ ᠥᠷᠨᠢᠭᠦᠯᠪᠡ᠃ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠢ 2024 ᠣᠨ ᠤ 5 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ ᠱᠠᠩᠳᠤ ᠰᠢᠶᠠᠨ ᠳᠤ ᠶᠠᠪᠤᠭᠳᠠᠭᠤᠯᠵᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠬᠦ ᠪᠠᠷ ᠪᠣᠶ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠡᠬᠢᠯᠡᠯᠲᠡ ᠶᠢᠨ ᠶᠣᠰᠣᠯᠠᠯ ᠤᠨ ᠴᠠᠭ ᠵᠢᠴᠢ ᠭᠠᠵᠠᠷ    ︵ᠨᠢᠭᠡ︶ ᠬᠤᠭᠤᠴᠠᠭ᠎ᠠ    2024 ᠣᠨ ᠤ 5 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ 10᠄ 00    ︵ᠬᠤᠶᠠᠷ︶ ᠣᠷᠣᠨ    ᠱᠠᠩᠳᠤ ᠱᠢᠶᠠᠨ ᠶᠢᠨ ᠱᠢᠶᠠᠩ ᠾᠧ ᠠᠭᠤᠳᠠᠮ ᠲᠠᠯᠠᠪᠠᠢ    ᠬᠤᠶᠠᠷ᠂ ᠭᠤᠣᠯ ᠰᠡᠳᠦᠪ    ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠦᠯᠦᠨ᠎ᠡ    ᠭᠤᠷᠪᠠ᠂ ᠣᠷᠣᠯᠴᠠᠬᠤ ᠬᠥᠮᠦᠰ    ᠬᠤᠲᠠ ᠶᠢᠨ ᠰᠢᠭᠤᠳ ᠬᠠᠷᠢᠶ᠎ᠠ ᠵᠢᠴᠢ ᠱᠠᠩᠳᠤ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠨᠵᠢᠯᠡᠬᠦ ᠤᠬᠠᠭᠠᠨᠲᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠵᠢᠴᠢ ᠠᠵᠤ ᠠᠬᠤᠶᠢᠯᠠᠯ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ    ᠳᠥᠷᠪᠡ᠂ ᠭᠤᠤᠯ ᠠᠭᠤᠯᠭ᠎ᠠ    ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠵᠡᠷᠭᠡ ᠶᠢ ᠵᠣᠬᠢᠶᠠᠨ ᠪᠠᠶᠢᠭᠤᠯᠤᠨ ᠤᠬᠠᠭᠤᠯᠭ᠎ᠠ ᠶᠢᠨ ᠯᠠᠪᠯᠠᠭ᠎ᠠ ᠶᠢᠨ ᠲᠠᠪᠴᠠᠩ ᠭᠠᠷᠭᠠᠵᠤ᠂ ᠤᠬᠠᠭᠤᠯᠭ᠎ᠠ ᠶᠢᠨ ᠯᠠᠪᠯᠠᠭ᠎ᠠ᠂ ᠠᠯᠪᠠᠨ ᠵᠢᠷᠤᠮ ᠤᠨ ᠡᠮᠴᠢᠯᠡᠭᠡ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠠᠮᠵᠢᠯᠲᠠ ᠪᠦᠲᠦᠮᠵᠢ ᠶᠢ ᠭᠤᠤᠯᠳᠠᠯᠭ᠎ᠠ ᠲᠠᠢ ᠳᠡᠯᠭᠡᠨ ᠦᠵᠡᠭᠦᠯᠵᠦ᠂ ᠪᠥᠬᠦ ᠬᠤᠲᠠ ᠶᠢᠨ ᠣᠨᠴᠠᠯᠢᠭᠲᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠣᠯᠠᠨ ᠨᠡᠶᠢᠲᠡ ᠶᠢᠨ ᠬᠠᠷᠢᠯᠴᠠᠨ ᠬᠥᠳᠡᠯᠦᠯᠴᠡᠵᠦ ᠪᠠᠶᠢᠭ᠎ᠠ ᠣᠨᠴᠠᠯᠢᠭᠲᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠦᠢᠴᠡᠳ ᠪᠡᠶᠡᠴᠢᠯᠡᠨ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠪᠥᠬᠦ ᠬᠤᠲᠠ ᠶᠢᠨ ᠨᠡᠶᠢᠭᠡᠮ ᠤᠨ ᠬᠥᠭᠵᠢᠯᠲᠡ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠤᠶᠢᠯᠠᠭᠠᠨ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ ᠶᠢ ᠠᠬᠢᠭᠤᠯᠤᠨ᠎ᠠ᠃ ᠥᠷᠭᠡᠨ ᠤᠯᠠᠨ ᠲᠦᠮᠡᠨ ᠤ ᠲᠤᠬᠠᠢ ᠶᠢᠨ ᠲᠠᠯᠠᠪᠠᠢ ᠳᠤ ᠬᠦᠷᠴᠦ ᠲᠣᠭᠤᠷᠢᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2