ᠭᠤᠤ ᠶᠦᠩ ᠪᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/5/29
  5 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠳᠤᠭᠤᠶᠢᠯᠠᠩ ᠳᠠᠭᠠᠭᠤᠯᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠰᠢᠶᠠᠨ ᠤ ᠤᠳᠤᠷᠢᠳᠤᠯᠭ᠎ᠠ ᠰᠢᠶᠦ᠋ᠩ ᠸᠧᠢ᠂ ᠵᠠᠩ ᠿᠢ ᠭᠤᠤ᠂ ᠴᠧᠨ ᠶᠠ ᠮᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠢᠨᠠᠨ ᠵᠢᠯᠣᠭᠤᠳᠴᠤ ᠪᠠᠶᠢᠴᠠᠭᠠᠬᠤ ᠳᠤ ᠣᠷᠣᠯᠴᠠᠪᠠ᠃    ᠭᠤᠤ ᠶᠦᠩ ᠪᠢᠨ ᠤᠷᠢᠳ ᠬᠤᠵᠢᠳ ᠲᠢᠶᠠᠨ ᠨᠧᠩ ᠬᠦᠨᠳᠦ ᠠᠵᠤ ᠦᠢᠯᠡᠳᠪᠦᠷᠢ᠂ ᠾᠧᠩ ᠺᠧ ᠲᠧ ᠲᠤᠤ ᠰᠢᠨ᠎ᠡ ᠮᠠᠲ᠋ᠧᠷᠢᠶᠠᠯ᠂ ᠳ᠋ᠦᠩ ᠱᠧᠩ ᠴᠠᠬᠢᠭᠤᠷ ᠵᠠᠮᠠᠭ ᠤᠨ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠵᠢᠤᠢ ᠴᠤᠸᠠᠩ ᠢᠳᠡᠭᠡᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ ᠢ ᠨᠠᠷᠢᠨ ᠠᠰᠠᠭᠤᠨ ᠯᠠᠪᠯᠠᠵᠤ᠂ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃    ᠭᠤᠤ ᠶᠦᠩ ᠪᠢᠨ᠂ ᠠᠮᠤᠷ ᠲᠦᠪᠰᠢᠨ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠤᠷᠢᠲᠠᠯ ᠮᠥᠨ᠂ ᠠᠵᠤ ᠠᠬᠤᠶᠢᠯᠠᠯ ᠡᠷᠬᠡᠪᠰᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠳᠠᠭᠰᠢ ᠳᠠᠭᠠᠭᠠᠴᠢᠯᠠᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠵᠢᠷᠤᠮᠵᠢᠭᠤᠯᠬᠤ ᠶᠢ ᠬᠢᠨᠠᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠂ ᠣᠨᠴᠠᠭᠠᠶᠢᠯᠠᠨ ᠥᠨᠳᠥᠷ ᠣᠭᠲᠠᠷᠭᠤᠢ ᠪᠠᠷ ᠠᠵᠢᠯᠯᠠᠵᠤ᠂ ᠲᠣᠭᠲᠠᠭᠠᠯ ᠠᠴᠠ ᠵᠥᠷᠢᠴᠡᠨ ᠶᠠᠪᠤᠴᠠ ᠶᠢ ᠳᠥᠭᠦᠮᠴᠢᠯᠡᠵᠦ ᠶᠠᠭᠠᠬᠢᠭᠰᠠᠨ ᠴᠤ ᠪᠣᠯᠬᠤ ᠦᠭᠡᠢ᠃ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠢ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠲᠤᠰᠬᠠᠶ ᠪᠠᠶᠢᠴᠠᠭᠠᠯᠲᠠ ᠬᠢᠬᠦ ᠶᠢ ᠤᠶᠠᠯᠳᠤᠭᠤᠯᠤᠨ᠂ ᠭᠤᠤᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠢᠨᠠᠨ ᠵᠢᠯᠣᠭᠤᠳᠴᠤ ᠪᠠᠶᠢᠴᠠᠭᠠᠬᠤ ᠨᠢᠭᠲᠠᠴᠠ ᠪᠠ ᠡᠷᠴᠢᠮ ᠢᠶᠠᠨ ᠴᠢᠩᠭᠠᠷᠠᠭᠤᠯᠤᠨ᠂ ᠡᠯ᠎ᠡ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2