ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/29
  5 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠭᠤᠸᠠᠩ ᠵᠦ ᠬᠤᠷᠠᠯ ᠢ ᠡᠷᠬᠢᠯᠡᠬᠦ ᠶᠢᠨ ᠬᠠᠮᠲᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠢ ᠰᠠᠬᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠪᠣᠳᠠᠲᠠᠢ ᠠᠳᠬᠤᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠷ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠦᠷ᠎ᠡ ᠪᠦᠲᠦᠭᠡᠯ ᠢ ᠪᠠᠲᠤ ᠰᠠᠬᠢᠵᠤ᠂ ᠬᠤᠷᠢᠭ᠎ᠠ ᠱᠤᠭᠤᠮ ᠢ ᠪᠠᠲᠤ ᠰᠠᠬᠢᠬᠤ ᠶᠢ ᠪᠠᠲᠤᠯᠠᠬᠤ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢᠨ ᠠᠵᠢᠯ ᠤᠨ ᠵᠦᠭᠯᠡᠭᠦᠷ᠂ ᠠᠵᠢᠯᠯᠠᠬᠤ ᠲᠦᠷᠢᠮ ᠢ ᠪᠦᠷᠢᠨᠰᠢᠬᠦᠯᠬᠦ ᠲᠠᠢ ᠬᠠᠷᠢᠴᠠᠭᠤᠯᠵᠤ᠂ ᠤᠨᠢᠨ ᠳᠡᠭᠡᠷ᠎ᠡ ᠨᠢ ᠢᠯᠭᠠᠨ ᠲᠠᠨᠢᠵᠤ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠪᠡᠶᠡᠯᠡᠭᠦᠯᠬᠦ ᠬᠡᠷᠡᠭᠲᠡᠢ᠃ ᠠᠵᠢᠯ ᠲᠥᠷᠥᠯ ᠤᠨ ᠰᠠᠯᠠᠭ᠎ᠠ ᠮᠥᠴᠢᠷ ᠤᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠲᠠᠰᠤᠷᠠᠯᠲᠠ ᠥᠬᠡᠶ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠵᠦ᠂ ᠡᠷᠲᠡ ᠰᠡᠷᠡᠮᠵᠢᠯᠡᠭᠦᠯᠵᠦ᠂ ᠡᠷᠲᠡ ᠬᠠᠮᠢᠶᠠᠷᠴᠤ᠂ ᠡᠷᠲᠡ ᠬᠠᠪᠰᠤᠷᠤᠨ ᠲᠡᠳᠬᠦᠬᠦ ᠶᠢ ᠪᠡᠶᠡᠯᠡᠭᠦᠯᠬᠦ ᠬᠡᠷᠡᠭᠲᠡᠶ᠃ ᠬᠥᠭᠵᠢᠯᠲᠡ ᠶᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦᠯ ᠵᠦᠢᠯ ᠢ ᠲᠥᠯᠥᠪᠵᠢᠭᠦᠯᠬᠦ ᠪᠠ ᠨᠥᠭᠡᠴᠡᠯᠡᠬᠦ ᠶᠢ ᠴᠢᠩᠭᠠᠳᠬᠠᠵᠤ᠂ ᠦᠷ᠎ᠡ ᠪᠦᠲᠦᠮᠵᠢ ᠣᠯᠵᠤ ᠭᠠᠵᠠᠷ ᠳᠣᠣᠷᠠᠬᠢ ᠤᠰᠤᠨ ᠤ ᠵᠠᠰᠠᠯᠲᠠ ᠶᠢᠨ ᠦᠷ᠎ᠡ ᠪᠦᠲᠦᠭᠡᠯ ᠢ ᠪᠠᠲᠤᠳᠬᠠᠬᠤ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠪᠠᠶᠢᠴᠠᠭᠠᠨ ᠭᠠᠷᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠤᠳᠳᠤᠭ ᠤᠨ ᠤᠰᠤᠨ ᠤ ᠪᠠᠶᠢᠳᠠᠯ ᠢ ᠴᠢᠩᠭ᠎ᠠ ᠬᠢᠨᠠᠨ ᠬᠡᠮᠵᠢᠵᠦ᠂ ᠬᠠᠤᠯᠢ ᠪᠤᠰᠤ ᠪᠠᠷ ᠤᠰᠤ ᠠᠪᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃    ᠬᠤᠷᠠᠯ ᠠᠴᠠ᠂ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠪᠠᠲᠤ ᠡᠵᠡᠮᠳᠡᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠣᠳᠣᠬᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠲᠤᠯᠠᠵᠤ᠂ ᠲᠡᠰ ᠳᠡᠪᠰᠢᠭᠦᠯᠬᠦ ᠶᠢ ᠪᠠᠲᠤᠯᠠᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠭᠡᠯ ᠢᠶᠠᠷ ᠱᠠᠩᠳᠤ ᠰᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠦᠢᠯᠡᠰ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2