ᠭᠦᠸᠧ ᠱᠸᠤ ᠢᠦᠢ ᠦᠷᠭᠦᠯᠵᠢᠯᠡᠨ ᠳᠠᠭᠠᠭᠠᠴᠢᠯᠠᠨ ᠬᠠᠷᠢᠯᠴᠠᠬᠤ ᠲᠣᠰᠬᠤᠨ ᠤ ᠨᠠᠮ ᠤᠨ ᠡᠭᠦᠷ ᠲᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/5/29
  5 ᠰᠠᠷ᠎ᠠ ᠶᠢᠨ 22 ᠤᠨ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠦᠸᠧ ᠱᠸᠤ ᠢᠦᠢ ᠦᠷᠭᠦᠯᠵᠢᠯᠡᠨ ᠪᠠ ᠵᠢᠶᠠ ᠲᠣᠰᠬᠤᠨ ᠤ ᠨᠠᠮ ᠤᠨ ᠡᠭᠦᠷ᠂ ᠴᠠᠩᠴᠢᠩ ᠨᠡᠶᠢᠭᠡᠮ ᠲᠣᠭᠤᠷᠢᠭ ᠤᠨ ᠨᠠᠮ ᠤᠨ ᠡᠭᠦᠷ ᠲᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃    ᠭᠦᠸᠧ ᠱᠸᠤ ᠢᠦᠶ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠬᠤ ᠲᠤᠬᠠᠶ ᠠᠯᠢ ᠣᠯᠠᠨ ᠴᠢᠬᠤᠯᠠ ᠥᠭᠦᠯᠡᠯᠲᠡ ᠬᠢᠪᠠ᠃ ᠪᠢᠳᠡ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮᠴᠢ ᠴᠢᠨᠠᠷ ᠤᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠭᠦᠨ ᠳᠠᠪᠬᠤᠷᠭ᠎ᠠ ᠶᠢᠨ ᠯᠣᠭᠢᠭ ᠢ ᠦᠨᠡᠨ ᠬᠦ ᠲᠣᠳᠣᠷᠬᠠᠶ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠡᠦᠬᠡ ᠶᠢᠨ ᠯᠣᠭᠢᠭ ᠢ ᠭᠦᠨᠵᠡᠭᠡᠶ ᠲᠠᠨᠢᠨ ᠡᠵᠡᠮᠳᠡᠵᠦ᠂ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠬᠤ ᠢᠷᠠᠭᠤ ᠠᠯᠳᠠᠷᠲᠤ ᠤᠯᠠᠮᠵᠢᠯᠠᠯ ᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠤᠯᠤᠰ ᠲᠥᠷᠥ ᠶᠢᠨ ᠯᠣᠭᠢᠭ ᠢ ᠭᠦᠨᠵᠡᠭᠡᠶ ᠲᠠᠨᠢᠵᠤ᠂ ᠰᠠᠬᠢᠯᠭ᠎ᠠ ᠪᠠᠲᠤ ᠶᠣᠰᠣ ᠲᠦᠷᠢᠮ ᠤᠨ ᠵᠥᠪ ᠴᠢᠭᠯᠡᠯ ᠢ ᠪᠠᠲᠤ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠦᠢᠯᠡᠳᠦᠯᠭᠡ ᠶᠢᠨ ᠯᠣᠭᠢᠭ ᠢ ᠭᠦᠨᠵᠡᠭᠡᠶ ᠲᠠᠨᠢᠵᠤ᠂ ᠵᠣᠷᠢᠭᠲᠠᠶ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠬᠤ ᠡᠭᠦᠷᠭᠡ ᠯᠣᠭᠢᠭ ᠢ ᠭᠦᠨᠵᠡᠭᠡᠶ ᠲᠠᠨᠢᠵᠤ᠂ ᠪᠣᠳᠠᠲᠠᠶ ᠠᠵᠢᠯᠯᠠᠵᠤ ᠲᠡᠷᠢᠭᠦᠨ ᠳᠤ ᠣᠷᠣᠬᠤ ᠪᠠᠷ ᠴᠢᠷᠮᠠᠶᠢᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠥᠭᠵᠢᠭᠡᠬᠦ ᠶᠢ ᠴᠢᠬᠤᠯᠠᠴᠢᠯᠠᠬᠤ ᠬᠡᠷᠡᠭᠲᠡᠶ᠃    ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠰᠢᠨ ᠴᠤᠸᠠᠨ ᠹᠸᠢ᠂ ᠳ᠋ᠦᠩ ᠹᠦ᠋ ᠴᠢᠩ᠂ ᠵᠦ ᠭᠧᠨ᠂ ᠪᠠ ᠵᠢᠶᠠ ᠲᠣᠰᠬᠤᠨ ᠤ ᠨᠠᠮ ᠤᠨ ᠡᠭᠦᠷ ᠤᠨ ᠪᠦᠬᠦ ᠭᠡᠷ ᠲᠡᠭᠡᠨ ᠪᠠᠶᠢᠭ᠎ᠠ ᠨᠠᠮ ᠤᠨ ᠭᠡᠰᠢᠭᠦᠨ᠂ ᠴᠠᠩ ᠴᠢᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠪᠦᠬᠦ ᠭᠡᠷ ᠲᠡᠭᠡᠨ ᠪᠠᠶᠢᠭ᠎ᠠ ᠨᠠᠮ ᠤᠨ ᠭᠡᠰᠢᠭᠦᠨ ᠨᠠᠮ ᠤᠨ ᠬᠢᠴᠢᠶᠡᠯ ᠤᠨ ᠰᠤᠷᠤᠯᠴᠠᠯᠭ᠎ᠠ ᠳᠤ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2