ᠱᠠᠩᠳᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠴᠠᠭᠠᠰᠤᠨ ᠰᠢᠪᠠᠭᠤᠨ ᠤ ᠪᠠᠶᠠᠷ ᠤᠨ ᠴᠠᠬᠢᠯᠭᠠᠨ ᠢ ᠪᠠᠲᠤᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/5/30
   5 ᠰᠠᠷ᠎ᠠ ᠶᠢᠨ 26 ᠤ ᠡᠳᠦᠷ ︽ᠵᠣᠨ ᠤ ᠡᠮᠦᠨ᠎ᠡ ᠠᠶᠠᠯᠠᠵᠤ᠂ ᠬᠡᠪ ᠨᠠᠮᠪᠠ ᠲᠠᠢ ᠱᠠᠩᠳᠤᠬᠤ︾ ᠪᠠᠷ ᠭᠤᠤᠯ ᠰᠡᠳᠦᠪ ᠪᠣᠯᠭᠠᠭᠰᠠᠨ 2024 ᠣᠨ ᠤ ᠤᠯᠠᠭᠠᠨᠴᠠᠪ ᠵᠢᠴᠢ ᠨᠥᠬᠦᠷᠰᠡᠭ ᠬᠤᠲᠠ ᠶᠢᠨ ᠴᠠᠭᠠᠰᠤᠨ ᠰᠢᠪᠠᠭᠤᠨ ᠤ ᠤᠷᠢᠯᠭ᠎ᠠ ᠶᠢᠨ ᠤᠷᠤᠯᠳᠤᠭᠠᠨ ᠱᠠᠩᠳᠤ ᠰᠢᠶᠠᠨ ᠳᠤ ᠥᠨᠳᠥᠷᠯᠡᠪᠡ᠃    ᠤᠷᠢᠯᠭ᠎ᠠ ᠶᠢᠨ ᠤᠷᠤᠯᠳᠤᠭᠠᠨ ᠤ ᠬᠤᠭᠤᠴᠠᠭᠠᠨ ᠳᠤ᠂ ᠪᠡᠭᠡᠵᠢᠩ᠂ ᠤᠯᠠᠭᠠᠨᠴᠠᠪ᠂ ᠬᠥᠬᠡᠬᠤᠲᠠ᠂ ᠪᠤᠭᠤᠲᠤ᠂ ᠴᠢᠭᠤᠯᠤᠯᠲᠤ ᠬᠠᠭᠠᠯᠭ᠎ᠠ᠂ ᠪᠦᠦ ᠳ᠋ᠢᠩ᠂ ᠱᠧᠨᠶᠠᠩ᠂ ᠳ᠋ᠠᠯᠢᠶᠠᠨ ᠵᠡᠷᠭᠡ 8 ᠬᠤᠳᠠ ᠶᠢᠨ ᠴᠠᠭᠠᠰᠤᠨ ᠰᠢᠪᠠᠭᠤᠨ ᠤ ᠨᠡᠶᠢᠭᠡᠮᠯᠢᠭ ᠤᠨ 11 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠪᠠ᠃    ᠲᠣᠰ ᠤᠳᠠᠭᠠᠨ ᠤ ᠴᠠᠭᠠᠰᠤᠨ ᠰᠢᠪᠠᠭᠤᠨ ᠤ ᠤᠷᠢᠯᠭ᠎ᠠ ᠶᠢᠨ ᠤᠷᠤᠯᠳᠤᠭᠠᠨ ᠳᠤ ᠴᠠᠭᠠᠰᠤᠨ ᠰᠢᠪᠠᠭᠤᠨ ᠤ ᠨᠥᠬᠦᠷᠰᠡᠭ ᠤᠷᠤᠯᠳᠤᠭᠠᠨ᠂ ᠰᠥᠨᠢ ᠶᠢᠨ ᠴᠠᠭᠠᠰᠤᠨ ᠰᠢᠪᠠᠭᠤ ᠨᠢᠰᠬᠡᠬᠦ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠬᠥᠳᠡᠯᠭᠡᠭᠡᠨ ᠲᠠᠢ ᠪᠠᠶᠢᠵᠤ᠂ ᠣᠯᠠᠨ ᠲᠦᠮᠡᠨ ᠳᠤ ᠰᠣᠶᠣᠯ ᠤᠨ ᠦᠪᠡᠳᠡᠭᠰᠢ ᠨᠠᠶᠢᠷ ᠢ ᠡᠳ᠋ᠯᠡᠭᠦᠯᠪᠡ᠃ ᠴᠠᠭᠠᠰᠤᠨ ᠰᠢᠪᠠᠭᠤᠨ ᠤ ᠤᠷᠢᠯᠭ᠎ᠠ ᠶᠢᠨ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠠᠳᠠᠯᠢ ᠪᠤᠰᠤ ᠭᠠᠵᠠᠷ ᠣᠷᠣᠨ ᠤ ᠴᠠᠭᠠᠰᠤᠨ ᠰᠢᠪᠠᠭᠤᠨ ᠤ ᠳᠤᠷ᠎ᠠ ᠪᠠᠭ᠋ᠠᠲᠠᠶ ᠬᠥᠮᠦᠰ ᠲᠤ ᠰᠣᠯᠢᠯᠴᠠᠭ᠎ᠠ ᠬᠢᠵᠦ ᠦᠢᠯᠡᠳᠦᠯᠴᠡᠬᠦ ᠲᠠᠪᠴᠠᠩ ᠬᠠᠩᠭᠠᠵᠤ᠂ ᠬᠤᠲᠠ ᠶᠢᠨ ᠬᠤᠭᠤᠷᠣᠨᠳᠣᠬᠢ ᠨᠥᠬᠦᠷᠯᠡᠯ ᠢ ᠠᠬᠢᠭᠤᠯᠤᠭᠰᠠᠨ ᠪᠠᠶᠢᠨ᠎ᠠ᠃ ᠡᠭᠦᠨ ᠤ ᠬᠠᠮᠲᠤ ᠪᠠᠰᠠ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠴᠠᠭᠠᠰᠤᠨ ᠰᠢᠪᠠᠭᠤ ᠦᠶ᠋ᠯᠡᠳᠬᠦ ᠤᠷ᠎ᠠ ᠮᠡᠷᠭᠡᠵᠢᠯ ᠢ ᠤᠯᠠᠮᠵᠢᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠶ᠃    ᠴᠠᠭᠠᠰᠤᠨ ᠰᠢᠪᠠᠭᠤᠨ ᠤ ᠤᠷᠢᠯᠭ᠎ᠠ ᠶᠢᠨ ᠤᠷᠤᠯᠳᠤᠭᠠᠨ ᠡᠷᠬᠢᠯᠡᠬᠦ ᠬᠤᠭᠤᠴᠠᠭᠠᠨ ᠳᠤ᠂ ᠵᠢᠭᠤᠯᠴᠢᠯᠠᠭᠰᠠᠳ ᠲᠤ ᠴᠠᠭᠠᠰᠤᠨ ᠰᠢᠪᠠᠭᠤᠨ ᠤ ᠪᠠᠶᠠᠷ ᠤᠨ ᠡᠳᠦᠷ ᠳᠡᠭᠡᠷ᠎ᠡ ᠨᠢᠰᠴᠦ ᠪᠠᠶᠢᠭᠰᠠᠨ ᠪᠠᠶᠠᠷ ᠪᠠᠶᠠᠰᠤᠯ ᠢ ᠡᠳ᠋ᠯᠡᠭᠦᠯᠬᠦ ᠪᠠ ᠣᠶᠢᠯᠠᠭᠠᠭᠤᠯᠬᠤ ᠶᠢᠨ ᠲᠥᠯᠥᠭᠡ᠂ ᠱᠠᠩᠳᠤ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠴᠠᠬᠢᠯᠭᠠᠨ ᠢ ᠪᠠᠲᠤᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠵᠠᠮ ᠱᠤᠭᠤᠮ ᠢ ᠪᠠᠶᠢᠴᠠᠭᠠᠵᠤ᠂ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠬᠡᠷᠡᠭᠯᠡᠭᠴᠢᠳ ᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠶᠢ ᠵᠢᠯᠣᠭᠤᠳᠴᠤ᠂ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠵᠦ᠂ ᠣᠨᠴᠠᠭᠠᠶᠢᠯᠠᠨ ᠬᠦᠴᠦᠳᠡᠯ ᠥᠭᠡᠷᠡᠴᠢᠯᠡᠭᠴᠢ ᠶᠢᠨ ᠲᠣᠰᠣᠨ ᠤ ᠪᠠᠶᠢᠷᠢ ᠪᠣᠯᠤᠨ ᠴᠠᠬᠢᠯᠭᠠᠨ ᠲᠦᠭᠡᠭᠡᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠴᠠᠭ ᠢᠮᠠᠭᠲᠠ ᠴᠢᠩᠭ᠎ᠠ ᠠᠩᠬᠠᠷᠴᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠴᠠᠬᠢᠯᠭᠠᠨ ᠬᠠᠩᠭᠠᠬᠤ ᠨᠢᠭᠡᠳᠦᠭᠡᠷ ᠹᠷᠣᠨᠲ ᠲᠤ ᠠᠵᠢᠯᠯᠠᠵᠤ᠂ ᠴᠠᠭᠠᠰᠤᠨ ᠰᠢᠪᠠᠭᠤᠨ ᠤ ᠤᠷᠢᠯᠭ᠎ᠠ ᠶᠢᠨ ᠤᠷᠤᠯᠳᠤᠭᠠᠨ ᠤ ᠴᠠᠬᠢᠯᠭᠠᠨ ᠢ ᠪᠠᠲᠤᠯᠠᠬᠤ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠱᠠᠩᠳᠤ ᠰᠢᠶᠠᠨ ᠤ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠢᠷᠠᠭᠤ ᠰᠠᠶᠢᠬᠠᠨ ᠨᠡᠷ᠎ᠡ ᠶᠢᠨ ᠬᠠᠭᠤᠳᠠᠰᠤ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2