ᠭᠠᠯ ᠤᠨᠲᠠᠷᠠᠭᠠᠵᠤ ᠠᠪᠤᠷᠠᠨ ᠲᠤᠰᠠᠯᠠᠬᠤ ᠪᠦᠬᠦ ᠠᠵᠢᠯᠲᠠᠳ ᠤᠨ ᠠᠵᠢᠯ ᠬᠢᠵᠦ ᠦᠢᠯᠡᠰ ᠪᠣᠰᠬᠠᠬᠤ ᠬᠠᠯᠠᠭᠤᠨ | ᠰᠡᠳᠬᠢᠯᠭᠡ ᠶᠢ ᠬᠥᠭᠵᠢᠭᠡᠵᠦ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠲᠠᠳ ᠤᠨ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠬᠤ ᠶᠢᠨ ᠲᠤᠰᠠᠳᠠ᠂ ᠪᠡᠶ᠎ᠡ | ᠮᠠᠬᠠᠪᠣᠳ ᠢ ᠴᠢᠭᠢᠷᠠᠭᠵᠢᠭᠤᠯᠬᠤ ᠬᠡᠷᠡᠭᠲᠡᠶ᠃ 5 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠱᠠᠩᠳᠤ ᠰᠢᠶᠠᠨ ᠤ | ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠦᠯᠢᠶᠡᠨ ᠭᠤᠤᠯ ᠤᠨ ᠪᠠᠶᠢᠴᠠᠭᠠᠬᠤ ᠥᠷᠲᠡᠭᠡ ᠲᠠᠢ ᠬᠠᠮᠲᠤᠷᠠᠨ ︽ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠢᠳᠡᠷᠡᠭᠦᠨ ᠠᠯᠬᠤᠭ᠎ᠠ · ᠪᠣᠬᠢᠷᠲᠤᠯ ᠥᠬᠡᠶ ᠣᠷᠴᠢᠨ ᠲᠣᠭᠤᠷᠢᠨ ᠢ | ᠬᠠᠮᠠᠭᠠᠯᠠᠬᠤ ᠠᠶᠠᠯᠠᠯ︾ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠪᠥᠬᠦ ᠬᠥᠮᠦᠰ ᠪᠦᠳᠦᠭᠦᠨ ᠭᠤᠤᠯ ᠤᠨ ᠴᠡᠴᠡᠷᠯᠢᠭ ᠤᠨ ᠭᠦᠶᠦᠯᠲᠡ ᠶᠢᠨ | ᠵᠠᠮ ᠢᠶᠠᠷ ᠢᠳᠡᠷᠡᠬᠦᠨ ᠠᠯᠬᠤᠵᠤ ᠡᠬᠢᠯᠡᠪᠡ᠃ ᠪᠦᠬᠦ ᠬᠥᠮᠦᠰ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠪᠠᠳᠠᠷᠠᠩᠭᠤᠶ᠂ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠠᠮ ᠳᠠᠭᠠᠤ ᠶᠢᠨ ᠥᠩᠭᠡ ᠦᠵᠡᠮᠵᠢ ᠶᠢ ᠡᠳ᠋ᠯᠡᠵᠦ᠂ ᠪᠣᠬᠢᠷᠲᠤᠯ ᠦᠭᠡᠢ ᠣᠷᠴᠢᠨ | ᠲᠣᠭᠤᠷᠢᠨ ᠢ ᠬᠠᠮᠠᠭᠠᠯᠠᠬᠤ ᠪᠡᠶ᠎ᠡ ᠴᠢᠭᠢᠷᠠᠭᠵᠢᠭᠤᠯᠬᠤ ᠠᠶᠠᠯᠠᠯ ᠢ ᠪᠡᠶᠡᠴᠢᠯᠡᠨ ᠣᠶᠢᠯᠠᠭᠠᠵᠤ ᠪᠠᠶᠢᠨ᠎ᠠ᠃ ᠠᠵᠢᠯᠯᠠᠭ᠎ᠠ ᠶᠢᠨ ᠪᠦᠬᠦ | ᠶᠠᠪᠤᠴᠠ ᠨᠢ ᠡᠮᠬᠢ ᠳᠢᠭᠯᠢᠮ ᠲᠠᠢ ᠪᠠᠶᠢᠵᠤ᠂ ᠰᠠᠶᠢᠨ ᠰᠠᠶᠢᠬᠠᠨ ᠠᠩᠭᠢ ᠶᠢᠨ ᠰᠤᠷᠲᠠᠯ ᠰᠠᠬᠢᠯᠭ᠎ᠠ ᠪᠠᠲᠤ ᠶᠢ ᠪᠠᠲᠤᠯᠠᠵᠤ᠂ | ᠪᠦᠬᠦ ᠭᠡᠰᠢᠭᠦᠳ ᠬᠥᠩᠭᠡᠨ᠂ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠲᠣᠰ ᠤᠳᠠᠭᠠᠨ ᠤ ︽ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠢᠳᠡᠷᠡᠭᠦᠨ ᠠᠯᠬᠤᠭ᠎ᠠ ᠪᠠᠷ᠂ ᠪᠣᠬᠢᠷᠲᠤᠯ ᠥᠬᠡᠶ ᠣᠷᠴᠢᠨ ᠲᠣᠭᠤᠷᠢᠨ ᠢ | ᠬᠠᠮᠠᠭᠠᠯᠠᠬᠤ ᠠᠶᠠᠯᠠᠯ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠲᠦ ᠠᠵᠢᠯᠯᠠᠭ᠎ᠠ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ | ᠡᠨᠡ ᠤᠳᠠᠭ᠎ᠠ ᠶᠢᠨ ᠢᠳᠡᠷᠡᠭᠦᠨ ᠠᠯᠬᠤᠭ᠎ᠠ ᠪᠠᠷ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠦᠭᠰᠡᠨ ᠨᠢ ᠪᠦᠬᠦ | ᠬᠥᠮᠦᠰ ᠤᠨ ᠪᠡᠶ᠎ᠡ ᠮᠠᠬᠠᠪᠣᠳ ᠢ ᠳᠠᠪᠲᠠᠨ ᠪᠣᠯᠪᠠᠰᠤᠷᠠᠭᠤᠯᠵᠤ᠂ ᠳᠠᠷᠤᠯᠲᠠ ᠶᠢ ᠨᠠᠮᠳᠠᠭᠤᠯᠵᠤ᠂ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠨᠡᠩ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ | ᠡᠭᠦᠷᠢᠳᠡ ᠵᠤᠬᠰᠤᠰᠢ ᠦᠭᠡᠢ ᠲᠡᠮᠡᠴᠡᠯ ᠤᠨ ᠳᠦᠷᠰᠦ ᠪᠠᠶᠢᠳᠠᠯ ᠢᠶᠠᠷ ᠤᠳᠤ ᠦᠶ᠎ᠡ ᠶᠢᠨ ᠭᠠᠯ ᠤᠨᠲᠠᠷᠠᠭᠠᠬᠤ ᠡᠩᠨᠡᠭᠡ ᠶᠢ | ᠢᠯᠡᠷᠡᠭᠦᠯᠵᠡᠢ᠃ | | | | | | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |