ᠱᠠᠩᠳᠤ ᠰᠢᠶᠠᠨ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠬᠤᠶᠠᠷ ᠵᠢᠯ ᠤᠨ ᠤᠢ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/30
   5 ᠰᠠᠷ᠎ᠠ ᠶᠢᠨ 22 ᠤᠨ ᠡᠳᠦᠷ᠂ ᠱᠠᠩᠳᠤ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠰᠢᠶᠠᠩ ᠾᠧ ᠠᠭᠤᠳᠠᠮ ᠲᠠᠯᠠᠪᠠᠶ ᠳᠤ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠬᠡᠷᠡᠭᠵᠢᠭᠦᠯᠦᠭᠰᠡᠨ ᠬᠤᠶᠠᠷ ᠵᠢᠯ ᠤᠨ ᠣᠶ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠲᠤᠬᠠᠶ ᠶᠢᠨ ᠲᠠᠯᠠᠪᠤᠷ ᠲᠤ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠢᠭᠤᠷᠳᠠᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠳᠤ ︽ᠲᠦᠷᠢᠮ︾ ᠤᠨ ᠬᠠᠮᠢᠶ᠎ᠠ ᠪᠥᠬᠦᠶ ᠠᠭᠤᠯᠭ᠎ᠠ ᠶᠢ ᠤᠬᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠥᠬᠦ ᠲᠠᠯ᠎ᠠ ᠪᠠᠷ ᠠᠬᠢᠭᠤᠯᠪᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ︽ᠲᠦᠷᠢᠮ︾ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠤᠨ᠂ ᠠᠵᠢᠯ ᠶᠠᠪᠤᠳᠠᠯ ᠭᠦᠢᠴᠡᠳᠭᠡᠬᠦ ᠳᠤ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠵᠠᠬᠢᠳᠠᠯ ᠰᠤᠷᠪᠤᠯᠵᠢᠯᠠᠭ᠎ᠠ ᠶᠢᠨ ᠰᠠᠶᠢᠨ ᠰᠠᠶᠢᠬᠠᠨ ᠡᠮᠬᠢ ᠵᠢᠷᠤᠮ ᠢ ᠪᠣᠶ ᠪᠣᠯᠭᠠᠵᠤ᠂ ᠪᠥᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠣᠯᠠᠨ ᠲᠦᠮᠡᠨ ᠤ ᠰᠠᠭᠤᠷᠢ ᠶᠢ ᠲᠠᠯᠪᠢᠵᠤ ᠥᠭᠴᠡᠶ᠃    ᠳᠠᠷᠠᠭᠠᠴᠢ ᠶᠢᠨ ᠠᠯᠬᠤᠮ ᠳᠤ᠂ ᠱᠠᠩᠳᠤ ᠰᠢᠶᠠᠨ ︽ᠳᠦᠷᠢᠮ︾ ᠪᠣᠯᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠴᠢᠩᠭ᠎ᠠ ᠠᠳᠬᠤᠨ ᠪᠣᠳᠠᠲᠠᠢ ᠠᠳᠬᠤᠵᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠠᠪᠤᠴᠠ ᠶᠢ ᠵᠢᠷᠤᠮᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠬᠠᠤᠯᠢᠵᠢᠯ ᠤᠨ ᠠᠵᠢᠯ ᠤᠨ ᠵᠦᠭᠯᠡᠭᠦᠷ ᠪᠣᠯᠤᠨ ᠬᠠᠤᠯᠢ ᠲᠣᠭᠲᠠᠭᠠᠯ ᠶᠣᠰᠣᠭᠠᠷ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ︽ᠬᠥᠲᠥᠯᠦᠮᠵᠢ ᠵᠢᠷᠤᠭ︾ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠱᠠᠭᠠᠷᠳᠠᠯᠭ᠎ᠠ ᠶᠣᠰᠣᠭᠠᠷ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯᠲᠠ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ᠂ ᠠᠩᠬ᠎ᠠ ᠤᠳᠠᠭ᠎ᠠ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠢᠢᠳᠪᠦᠷᠢᠯᠡᠬᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠶᠡᠬᠡᠪᠡᠷ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2