ᠱᠠᠩᠳᠤ ᠰᠢᠶᠠᠨ ᠤ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠢᠳᠡᠪᠬᠢᠲᠡᠢ ᠪᠡᠯᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2024/5/30
  ᠴᠠᠭ ᠮᠥᠴᠡ ᠢᠳᠡᠭ ᠢᠳᠡᠭ ᠢᠶᠠᠷ ᠤᠯᠠᠰᠢᠷᠠᠵᠤ᠂ 2024 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ 6 ᠰᠠᠷ᠎ᠠ ᠶᠢᠨ 7 ᠤ ᠡᠳᠦᠷ ᠡᠬᠢᠯᠡᠨ᠎ᠡ᠃ ᠰᠢᠯᠭᠠᠯᠲᠠ ᠠᠴᠠ ᠡᠮᠦᠨᠡᠬᠡᠨ᠂ ᠱᠠᠩᠳᠤ ᠰᠢᠶᠠᠨ ᠰᠢᠯᠭᠠᠯᠲᠠ ᠶᠢᠨ ᠵᠣᠬᠢᠶᠠᠨ ᠪᠠᠶᠢᠭᠤᠯᠤᠯᠲᠠ ᠪᠠ ᠰᠢᠯᠭᠠᠭᠤᠯᠤᠭᠴᠢ ᠳᠤ ᠦᠢᠯᠡᠴᠢᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠰᠢᠯᠭᠠᠭᠤᠯᠤᠭᠴᠢ ᠴᠦ ᠡᠴᠦᠰ ᠤᠨ ᠰᠢᠪᠲᠤᠯᠤᠯᠲᠠ ᠬᠢᠵᠦ ᠪᠠᠶᠢᠨ᠎ᠠ᠃    ᠱᠠᠩᠳᠤ ᠰᠢᠶᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠣᠬᠤ ᠳᠤ᠂ ᠥᠨᠳᠥᠷ ᠳᠤᠮᠳᠠᠳᠤ ᠶᠢᠨ ᠭᠤᠷᠪᠠᠳᠤᠭᠠᠷ ᠠᠩᠭᠢ ᠶᠢᠨ ᠬᠢᠴᠢᠶᠡᠯ ᠤᠨ ᠭᠡᠷ ᠨᠢᠭᠡᠪᠦᠷᠢ ᠳᠤ ᠴᠥᠮ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠷᠴᠢ ᠵᠣᠷᠢᠭ ᠢ ᠬᠥᠪᠴᠢᠯᠡᠭᠰᠡᠨ ᠬᠥᠨᠳᠡᠯᠡᠨ ᠪᠢᠴᠢᠭᠡᠰᠦ ᠡᠯᠭᠦᠵᠦ᠂ ᠥᠨᠳᠥᠷ ᠣᠪᠣᠭ᠎ᠠ ᠲᠠᠢ ᠰᠢᠯᠭᠠᠯᠲᠠ ᠶᠢᠨ ᠬᠠᠭᠤᠳᠠᠰᠤ ᠪᠣᠯᠤᠨ ᠳᠠᠪᠲᠠᠯᠲᠠ ᠶᠢᠨ ᠮᠠᠲ᠋ᠧᠷᠢᠶᠠᠯ ᠢᠶᠠᠷ ᠬᠢᠴᠢᠶᠡᠯ ᠤᠨ ᠭᠡᠷ ᠢᠶᠠᠨ ᠮᠡᠳᠡᠯᠭᠡ ᠶᠢᠨ ᠲᠡᠯᠡᠶ ᠪᠣᠯᠭᠠᠨ ᠬᠤᠪᠢᠷᠠᠭᠤᠯᠵᠤ᠂ ᠪᠠᠭᠰᠢ ᠨᠠᠷ ᠶᠠᠭ ᠪᠦᠬᠦ ᠰᠡᠳᠬᠢᠯ ᠪᠦᠬᠦ ᠵᠣᠷᠢᠭ ᠢᠶᠠᠷ ᠰᠤᠷᠤᠭᠴᠢᠳ ᠤᠨ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠳᠤᠲᠠᠭᠳᠠᠯ ᠢ ᠨᠢ ᠪᠠᠶᠢᠴᠠᠭᠠᠨ ᠨᠥᠬᠦᠪᠥᠷᠢᠯᠡᠵᠦ᠂ ᠰᠤᠷᠤᠭᠴᠢᠳ ᠰᠡᠳᠬᠢᠯ ᠨᠢᠭᠡᠳᠦᠨ ᠪᠠᠭᠰᠢ ᠶᠢᠨ ᠲᠠᠶᠢᠯᠪᠤᠷᠢᠯᠠᠯᠲᠠ ᠶᠢᠨ ᠰᠡᠳᠦᠪ ᠢ ᠰᠣᠨᠣᠰᠴᠤ᠂ ᠮᠡᠳᠡᠯᠭᠡ ᠶᠢᠨ ᠴᠡᠭ ᠢᠶᠠᠨ ᠳᠠᠬᠢᠨ ᠡᠷᠭᠢᠴᠡᠭᠦᠯᠵᠦ ᠪᠠᠶᠢᠨ᠎ᠠ᠃ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠤᠨ ᠳᠠᠪᠲᠠᠬᠤ ᠰᠢᠯᠭᠠᠯᠲᠠ ᠳᠤ ᠪᠡᠯᠡᠳᠬᠡᠬᠦ ᠠᠵᠢᠯ ᠢ ᠢᠳᠡᠪᠬᠢᠲᠡᠶ ᠰᠠᠶᠢᠲᠤᠷ ᠬᠢᠬᠦ ᠶᠢᠨ ᠬᠠᠮᠲᠤ ᠰᠤᠷᠭᠠᠭᠤᠯᠢ ᠪᠠᠰᠠ ᠪᠡᠶ᠎ᠡ ᠶᠢᠨ ᠲᠠᠮᠢᠷ ᠤᠨ ᠪᠣᠯᠪᠠᠰᠤᠷᠠᠯ᠂ ᠬᠡᠷ ᠤᠨ ᠭᠠᠳᠠᠨᠠᠬᠢ ᠬᠥᠳᠡᠯᠭᠡᠭᠡᠨ ᠵᠡᠷᠭᠡ ᠣᠯᠠᠨ ᠵᠦᠶ᠋ᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠤᠭᠴᠢᠳ ᠤᠨ ᠰᠡᠳᠬᠢᠴᠡ ᠶᠢᠨ ᠳᠠᠷᠤᠭᠠᠰᠤ ᠶᠢ ᠬᠥᠩᠭᠡᠷᠡᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠢᠳᠡᠪᠬᠢᠲᠡᠶ ᠪᠠᠶᠠᠰᠤᠩᠭᠤᠶ ᠣᠪᠣᠷ ᠢᠶᠠᠷ ᠤᠭᠲᠤᠨ᠎ᠠ᠃    ᠱᠠᠩᠳᠤ ᠰᠢᠶᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠭᠴᠢ ᠦ᠋ ᠴᠢᠶᠣᠤ ᠯᠢᠩ᠄ ︽ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠰᠢᠯᠭᠠᠭᠤᠯᠤᠭᠴᠢ ᠨᠢᠭᠡᠪᠦᠷᠢ ᠳᠤ ᠠᠪᠴᠤ ᠬᠡᠯᠡᠪᠡᠯ ᠪᠣᠭᠤᠮᠲᠠ ᠮᠥᠨ᠂ ᠡᠶᠢᠮᠦ ᠠᠴᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠢᠯᠠᠯᠲᠠ ᠤᠯᠬᠤ ᠴᠢᠬᠤᠯᠠ ᠡᠷᠳᠡᠨᠢ ᠮᠥᠨ᠃ ᠢᠳᠡᠪᠬᠢ ᠰᠡᠳᠬᠢᠴᠡ ᠲᠠᠢ ᠪᠠᠶᠢᠵᠦ ᠪᠤᠯᠬᠤ ᠦᠭᠡᠢ᠂ ᠪᠢᠳᠡᠬᠡᠢ ᠤᠯᠠᠨ ᠶᠠᠭᠤᠮ᠎ᠠ ᠪᠤᠳᠤᠵᠦ ᠪᠤᠯᠬᠤ ᠦᠭᠡᠢ᠂ ᠦᠵᠡᠯ ᠰᠠᠨᠠᠭ᠎ᠠ ᠪᠠᠨ ᠳᠠᠪᠲᠠᠯᠭ᠎ᠠ ᠶᠢᠨ ᠰᠡᠳᠦᠪ ᠬᠠᠷᠢᠭᠤᠯᠬᠤ ᠲᠤᠮᠳᠠ ᠲᠦᠪᠯᠡᠷᠡᠭᠦᠯᠵᠦ᠂ ᠦᠪᠡᠷ ᠢ ᠪᠠᠨ ᠨᠠᠮᠵᠢᠭᠤᠨ ᠤᠪᠤᠷ ᠪᠠᠶᠢᠳᠠᠯ ᠢᠶᠠᠷ ᠰᠢᠯᠭᠠᠯᠲᠠ ᠶᠢᠨ ᠲᠠᠯᠠᠪᠤᠷ ᠲᠤ ᠤᠷᠤᠭᠤᠯᠵᠤ᠂ ᠰᠢᠯᠭᠠᠯᠲᠠ ᠳᠤ ᠤᠷᠤᠯᠴᠠᠭᠤᠯᠤᠨ᠎ᠠ᠃ ᠰᠠᠯᠬᠢ ᠳᠠᠪᠠᠯᠭᠠᠨ ᠢ ᠵᠦᠰᠦᠨ ᠤᠷᠤᠭᠰᠢᠯᠠᠬᠤ ᠨᠢ ᠵᠠᠷᠢᠮ ᠳᠠᠭᠠᠨ ᠶᠡᠭᠡ ᠪᠠᠶᠢᠳᠠᠭ᠂ ᠰᠤᠷᠤᠭᠴᠢ ᠨᠢᠭᠡᠪᠦᠷᠢ ᠶᠢᠨ ᠴᠢᠷᠮᠠᠶᠢᠯᠭ᠎ᠠ ᠪᠠ ᠴᠢᠷᠮᠠᠶᠢᠯᠭ᠎ᠠ ᠶᠢ ᠢᠲᠡᠭᠡᠵᠦ ᠪᠠᠶᠢᠨ᠎ᠠ᠂ ᠯᠠᠪᠲᠠᠶ ᠶᠡᠭᠡ ᠰᠤᠷᠭᠠᠭᠤᠯᠢ ᠶᠢᠨ ᠰᠢᠯᠭᠠᠯᠲᠠ ᠶᠢᠨ ᠠᠮᠵᠢᠯᠲᠠ ᠪᠠ ᠪᠠᠶᠠᠷ ᠪᠠᠭ᠋ᠠᠳᠤᠯ ᠢ ᠣᠯᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ᠃    ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠠᠵᠢᠯ ᠢ ᠡᠬᠢᠯᠡᠭᠦᠯᠦᠭᠰᠡᠨ ᠠᠴᠠ ᠨᠠᠰᠢ᠂ ᠱᠠᠩᠳᠤ ᠰᠢᠶᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠨᠠᠷᠢᠯᠢᠬᠵᠢᠭᠤᠯᠵᠤ᠂ ᠪᠠᠭᠰᠢ ᠶᠢᠨ ᠬᠢᠴᠢᠶᠡᠯ ᠤᠨ ᠲᠠᠩᠬᠢᠮ ᠤᠨ ᠬᠠᠷᠢᠭᠤᠯᠲᠠ ᠥᠭᠬᠦ᠂ ᠬᠢᠴᠢᠶᠡᠯ ᠤᠨ ᠳᠠᠷᠠᠭ᠎ᠠ ᠬᠠᠪᠰᠤᠷᠤᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠯᠭᠠᠭᠤᠯᠤᠭᠴᠢ ᠶᠢ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠵᠢᠯᠣᠭᠤᠳᠴᠤ᠂ ᠰᠢᠯᠭᠠᠭᠤᠯᠤᠭᠴᠢ ᠶᠢ ᠬᠠᠪᠰᠤᠷᠤᠨ ᠮᠡᠳᠡᠯᠭᠡ ᠪᠠᠨ ᠪᠠᠬᠢᠵᠢᠭᠦᠯᠵᠦ᠂ ᠳᠤᠲᠠᠭᠤᠳᠠᠯ ᠢᠶᠠᠨ ᠪᠠᠶᠢᠴᠠᠭᠠᠨ ᠨᠥᠬᠦᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠭᠰᠢ ᠶᠢᠨ ᠵᠢᠭᠠᠨ ᠰᠤᠷᠭᠠᠯᠲᠠ ᠶᠢᠨ ᠣᠯᠤᠯᠲᠠ ᠰᠣᠯᠢᠯᠴᠠᠭᠠᠨ ᠤ ᠬᠤᠷᠠᠯ ᠢ ᠥᠷᠨᠢᠭᠦᠯᠵᠦ᠂ ᠰᠢᠯᠭᠠᠯᠲᠠ ᠳᠤ ᠪᠡᠯᠡᠳᠬᠡᠬᠦ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠡᠬᠢᠯᠡᠬᠦ ᠲᠡᠶᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃    ᠱᠠᠩᠳᠤ ᠰᠢᠶᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠪᠠᠭᠰᠢ ᠵᠠᠩ ᠰᠢᠶᠤᠤ ᠵᠢᠶᠠᠨ᠄ ︽ᠮᠠᠨ ᠤ ᠳᠡᠭᠡᠳᠦ ᠵᠡᠷᠭᠡ ᠶᠢᠨ ᠭᠤᠷᠪᠠᠳᠤᠭᠠᠷ ᠣᠨ ᠤ ᠪᠦᠬᠦ ᠪᠠᠭᠰᠢ ᠨᠠᠷ ᠡᠳᠦᠷ ᠪᠦᠷᠢ ᠤᠷᠢᠳᠴᠢᠯᠠᠨ ᠠᠵᠢᠯ ᠤᠨ ᠪᠠᠶᠢᠷᠢ ᠳᠤ ᠭᠠᠷᠴᠤ᠂ ᠨᠠᠷᠢᠨ ᠬᠢᠨᠠᠮᠠᠭᠠᠶ ᠬᠢᠴᠢᠶᠡᠯ ᠪᠡᠯᠡᠳᠬᠡᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠬᠢᠴᠢᠶᠡᠯ ᠤᠨ ᠳᠠᠷᠠᠭᠠᠬᠢ ᠬᠠᠷᠢᠭᠤ ᠲᠤᠰᠬᠠᠯ ᠢ ᠰᠠᠶᠢᠲᠤᠷ ᠠᠳᠬᠤᠪᠠ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠨᠡ ᠬᠡᠰᠡᠭ ᠬᠤᠭᠤᠴᠠᠭᠠᠨ ᠳᠤ ᠪᠢᠳᠡ ᠭᠤᠤᠯᠳᠠᠭᠤ ᠰᠤᠷᠤᠭᠴᠢᠳ ᠢ ᠬᠠᠪᠰᠤᠷᠤᠨ ᠴᠠᠭ ᠲᠤᠬᠠᠶ ᠳᠤᠨᠢ ᠳᠤᠲᠠᠭᠳᠠᠯ ᠢ ᠨᠢ ᠪᠠᠶᠢᠴᠠᠭᠠᠨ ᠨᠥᠬᠦᠪᠥᠷᠢᠯᠡᠵᠦ᠂ ᠰᠣᠷᠣᠭᠴᠢ ᠨᠢᠭᠡᠪᠦᠷᠢ ᠶᠢᠨ ᠪᠠᠶᠢᠳᠠᠯ ᠳᠤ ᠰᠠᠶᠢᠲᠤᠷ ᠲᠣᠬᠢᠷᠠᠭᠤᠯᠤᠯᠲᠠ ᠬᠢᠵᠦ᠂ ᠢᠲᠡᠭᠡᠯ ᠳᠦᠭᠦᠷᠡᠩ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠤᠭᠲᠤᠨ᠎ᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2