ᠱᠠᠩᠳᠤ ᠰᠢᠶᠠᠨ᠄ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠨᠢᠯᠬ᠎ᠠ ᠵᠢᠷᠦᠬᠡᠨ ᠳᠤ ᠦᠨᠳᠦᠰᠦᠯᠡᠭᠦᠯᠦᠨ᠎ᠡ
ᠨᠡᠶᠢᠲᠡᠯᠡᠭᠰᠡᠨ ᠴᠠᠭ᠄
2024/5/30
 ᠱᠠᠩᠳᠤ ᠰᠢᠶᠠᠨ ᠦᠨᠳᠦᠰᠦᠲᠡᠨ ᠤ ᠰᠣᠶᠣᠯ ᠢ ᠪᠠᠳᠠᠷᠠᠭᠤᠯᠤᠨ ᠤᠬᠠᠭᠤᠯᠬᠤ ᠶᠢ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠢ ᠠᠬᠢᠭᠤᠯᠬᠤ ᠪᠦᠲᠦᠮᠵᠢᠲᠡᠶ ᠠᠴᠢᠶᠠᠯᠠᠪᠤᠷᠢ ᠪᠣᠯᠭᠠᠵᠤ᠂ ᠪᠠᠶᠠᠯᠢᠭ ᠰᠠᠶᠢᠬᠠᠨ᠂ ᠯᠠᠪᠳᠠᠭᠤᠨ ᠪᠠᠲᠤᠲᠠᠶ ᠪᠦᠲᠦᠮᠵᠢᠲᠡᠶ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠨᠢᠯᠬ᠎ᠠ ᠰᠡᠳᠬᠢᠯ ᠳᠤ ᠦᠨᠳᠦᠰᠦᠯᠡᠭᠦᠯᠦᠨ᠎ᠡ᠃    ᠰᠣᠯᠣᠩᠭᠤᠰ ᠦᠨᠳᠦᠰᠦᠲᠡᠨ ᠤ ᠬᠡᠷᠴᠢᠮᠡᠯ ᠪᠣᠭᠤᠷᠰᠤᠭ ᠢ ᠠᠮᠲᠠᠯᠠᠵᠤ᠂ ᠨᠢᠭᠡ ᠤᠳᠠᠭᠠᠨ ᠤ ᠢᠳᠡᠷᠡᠭᠦᠨ ᠨᠣᠲᠤᠭ ᠤᠨ ᠬᠤᠯᠤᠰᠤᠨ ᠪᠥᠵᠢᠭ ᠢ ᠰᠤᠷᠤᠯᠴᠠᠭᠤᠯᠵᠠᠶ᠃ ᠱᠠᠩᠳᠤ ᠰᠢᠶᠠᠨ ᠤ ᠳᠥᠷᠪᠡᠳᠦᠭᠡᠷ ᠬᠡᠤᠬᠡᠳ ᠤᠨ ᠴᠡᠴᠡᠷᠯᠢᠭ ᠲᠤ ᠥᠷᠨᠢᠭᠦᠯᠦᠭᠰᠡᠨ ︽ᠦᠷ᠎ᠡ ᠶᠢᠨ ᠲᠥᠯᠥᠭᠡ ᠰᠡᠳᠬᠢᠯ ᠨᠢᠭᠡᠲᠡᠶ ᠠᠨᠠᠷ ᠤᠨ ᠤᠯᠠᠭᠠᠨ ᠭᠤᠷᠤᠬ᠎ᠠ ᠪᠠᠭᠠᠲᠤᠷᠯᠠᠨ ᠶᠠᠩ ᠹᠠᠨ ᠰᠢᠨ᠎ᠡ ᠠᠶᠠᠨ︾ ᠭᠡᠬᠦ ᠭᠤᠤᠯ ᠰᠡᠳᠦᠪᠲᠦ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠵᠤᠭᠠᠴᠠᠯ ᠤᠨ ᠬᠦᠷᠢᠶᠡᠯᠡᠩ ᠳᠡᠭᠡᠷ᠎ᠡ᠂ ᠲᠣᠮᠣ ᠨᠢᠭᠡᠳᠦᠭᠡᠷ ᠠᠩᠭᠢ ᠶᠢᠨ ᠪᠢᠴᠢᠬᠠᠨ ᠨᠠᠶᠢᠵᠠ ᠬᠠᠨ ᠰᠢᠨ ᠢ ᠪᠢᠴᠢᠬᠠᠨ ᠨᠠᠶᠢᠵᠠ ᠨᠠᠷ ᠲᠠᠢ ᠦᠨᠳᠦᠰᠦᠲᠡᠨ ᠤ ᠪᠠᠶᠠᠷ ᠤᠨ ᠡᠳᠦᠷ ᠤᠨ ᠬᠤᠪᠴᠠᠰᠤ ᠵᠠᠰᠠᠯ ᠢᠶᠠᠷ ᠢᠶᠠᠨ ᠠᠳᠠᠯᠢ ᠪᠤᠰᠤ ᠦᠨᠳᠦᠰᠦᠲᠡᠨ ᠤ ᠠᠮᠲᠠᠲᠤ ᠢᠳᠡᠭᠡᠨ ᠢ ᠠᠮᠲᠠᠯᠠᠵᠤ᠂ ᠠᠳᠠᠯᠢ ᠪᠤᠰᠤ ᠦᠨᠳᠦᠰᠦᠲᠡᠨ ᠤ ᠲᠣᠭᠯᠠᠭᠠᠮ ᠢ ᠰᠣᠨᠢᠷᠬᠠᠵᠤ᠂ ᠠᠳᠠᠯᠢ ᠪᠤᠰᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠯ ᠢ ᠰᠣᠨᠢᠷᠬᠠᠵᠤ᠂ ᠡᠶᠢᠮᠦᠷᠬᠦ ᠥᠪᠡᠷᠮᠢᠴᠡ ᠬᠡᠯᠪᠡᠷᠢ ᠪᠠᠷ ᠦᠨᠳᠦᠰᠦᠲᠡᠨ ᠨᠦᠭᠦᠳ ᠤᠨ ᠰᠣᠶᠣᠯ ᠪᠠ ᠵᠠᠩ ᠳᠠᠳᠬᠠᠯ ᠢ ᠣᠶᠢᠯᠠᠭᠠᠪᠠ᠃    ᠱᠠᠩᠳᠤ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠶᠡᠭᠡ ᠨᠢᠭᠡᠳᠦᠭᠡᠷ ᠠᠩᠭᠢ ᠬᠠᠨ ᠰᠢᠨ ᠢ ᠬᠡᠯᠡᠭᠰᠡᠨ ᠨᠢ᠄ ︽ᠥᠨᠥᠳᠦᠷ ᠪᠢ ᠬᠡᠦᠬᠡᠳ ᠤᠨ ᠴᠡᠴᠡᠷᠯᠢᠭ ᠤᠨ ᠦᠨᠳᠦᠰᠦᠲᠡᠨ ᠤ ᠵᠤᠭᠠᠴᠠᠯ ᠤᠨ ᠴᠡᠴᠡᠷᠯᠢᠭ ᠤᠨ ᠠᠵᠢᠯᠯᠠᠭ᠎ᠠ ᠳᠤ ᠣᠷᠣᠯᠴᠠᠪᠠ᠂ ᠮᠠᠨ ᠤ ᠤᠯᠤᠰ ᠤᠨ 56 ᠦᠨᠳᠦᠰᠦᠲᠡᠨ ᠲᠠᠢ᠂ ᠦᠨᠳᠦᠰᠦᠲᠡᠨ ᠨᠢᠭᠡᠪᠦᠷᠢ ᠴᠥᠮ ᠥᠪᠡᠷ ᠤᠨ ᠥᠪᠡᠷᠮᠢᠴᠡ ᠰᠣᠶᠣᠯ᠂ ᠢᠳᠡᠭᠡᠨ ᠤᠮᠳᠠᠭᠠᠨ ᠪᠠ ᠵᠠᠩ ᠳᠠᠳᠬᠠᠯ ᠲᠠᠢ ᠭᠡᠳᠡᠭ ᠢ ᠮᠡᠳᠡᠪᠡ︾ ᠭᠡᠪᠡ᠃    ᠲᠣᠰ ᠤᠳᠠᠭᠠᠨ ᠤ ᠦᠨᠳᠦᠰᠦᠲᠡᠨ ᠤ ᠵᠤᠭᠠᠴᠠᠯ ᠤᠨ ᠬᠦᠷᠢᠶᠡᠯᠡᠩ ᠨᠢ ᠥᠪᠡᠷᠮᠢᠴᠡ ᠦᠨᠳᠦᠰᠦᠲᠡᠨ ᠤ ᠰᠣᠶᠣᠯ ᠤᠨ ᠵᠠᠩ ᠦᠢᠯᠡ ᠶᠢ ᠳᠡᠯᠭᠡᠨ ᠦᠵᠡᠭᠦᠯᠵᠦ᠂ ᠬᠡᠤᠬᠡᠳ ᠤᠳ ᠲᠤ ᠣᠷᠣᠯᠴᠠᠬᠤ ᠣᠶᠢᠯᠠᠭᠠᠯᠲᠠ ᠶᠢᠨ ᠳᠤᠮᠳᠠ ᠮᠡᠳᠡᠯᠭᠡ ᠰᠢᠩᠭᠡᠭᠡᠨ ᠠᠪᠴᠤ᠂ ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠮᠡᠳᠡᠷᠡᠭᠦᠯᠬᠦ ᠶᠢᠨ ᠬᠠᠮᠲᠤ ᠡᠬᠡ ᠣᠷᠣᠨᠴᠢ ᠦᠵᠡᠯ ᠤᠨ ᠬᠠᠶᠢᠷ᠎ᠠ ᠰᠡᠳᠬᠢᠯᠭᠡ ᠶᠢ ᠬᠡᠤᠬᠡᠳ ᠤᠨ ᠰᠡᠳᠬᠢᠯ ᠳᠤ ᠭᠦᠨ ᠬᠠᠳᠠᠩᠰᠢᠭᠤᠯᠵᠠᠶ᠃    ᠱᠠᠩᠳᠤ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠳᠠᠷᠤᠭ᠎ᠠ ᠵᠠᠩ ᠫᠢᠩ᠄ ︽ᠡᠨᠡ ᠤᠳᠠᠭᠠᠨ ᠤ ᠠᠵᠢᠯᠯᠠᠭ᠎ᠠ ᠶᠢ ᠡᠷᠭᠢᠯᠡᠬᠦ ᠳᠤ ᠪᠢᠴᠢᠬᠠᠨ ᠨᠠᠶᠢᠵᠠ ᠨᠠᠷ ᠲᠤ 56 ᠦᠨᠳᠦᠰᠦᠲᠡᠨ ᠨᠦᠭᠦᠳ ᠬᠠᠮᠲᠤ ᠪᠠᠷ ᠨᠢᠭᠡ ᠶᠡᠭᠡ ᠭᠡᠷ ᠪᠦᠯᠢ ᠶᠢ ᠪᠦᠷᠢᠯᠳᠦᠭᠦᠯᠬᠦ ᠶᠢᠨ ᠲᠥᠯᠥᠭᠡ ᠶᠤᠮ᠂ ᠡᠨᠡ ᠬᠦ ᠶᠡᠭᠡ ᠭᠡᠷ ᠪᠦᠯᠢ ᠳᠤ ᠬᠡᠳᠦ᠋ᠢᠪᠡᠷ ᠢᠳᠡᠭᠡᠨ ᠤᠮᠳᠠᠭᠠᠨ᠂ ᠵᠠᠩ ᠵᠠᠩᠰᠢᠯ ᠵᠡᠷᠭᠡ ᠳᠠᠳᠬᠠᠯ ᠨᠢ ᠠᠳᠠᠯᠢ ᠦᠭᠡᠢ ᠪᠣᠯᠪᠠᠴᠤ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠ ᠲᠡᠪᠡᠷᠢᠵᠦ ᠂ ᠬᠠᠮᠲᠤ ᠪᠠᠷ ᠳᠠᠪᠰᠢᠵᠤ᠂ ᠬᠠᠮᠲᠤ ᠪᠠᠷ ᠬᠥᠭᠵᠢᠬᠦ ᠶᠢᠨ ᠲᠥᠯᠥᠭᠡ ᠶᠤᠮ︾ ᠭᠡᠵᠦ ᠬᠡᠯᠡᠪᠡ᠃    ᠱᠠᠩᠳᠤ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ ᠲᠠᠢ ᠠᠳᠠᠯᠢ ᠪᠠᠷ ᠱᠠᠩᠳᠤ ᠰᠢᠶᠠᠨ ᠤ ᠪᠤᠰᠤᠳ ᠬᠡᠦᠬᠡᠳ ᠤᠨ ᠴᠡᠴᠡᠷᠯᠢᠭ ᠪᠣᠯᠤᠨ ᠡᠯ᠎ᠡ ᠪᠠᠭ᠎ᠠ ᠰᠤᠷᠭᠠᠭᠤᠯᠢ ᠴᠤ ᠡᠯ᠎ᠡ ᠵᠦᠢᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠬᠡᠦᠬᠡᠳ ᠤᠳ ᠲᠤ ᠠᠵᠢᠯᠯᠠᠭ᠎ᠠ ᠶᠢᠨ ᠳᠤᠮᠳᠠ ᠦᠨᠳᠦᠰᠦᠲᠡᠨ ᠤ ᠰᠣᠶᠣᠯ ᠤᠨ ᠲᠤᠬᠠᠶ ᠬᠠᠶᠢᠷ᠎ᠠ ᠰᠡᠳᠬᠢᠯᠭᠡ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠪᠠᠶᠢᠳᠠᠯ ᠢ ᠤᠯᠠᠮ ᠨᠢᠭᠡ ᠠᠯᠬᠤᠮ ᠮᠡᠳᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠪᠠᠬᠢ ᠪᠤᠢ ᠪᠣᠯᠭᠠᠬᠤ ᠬᠡᠷᠡᠭᠲᠡᠶ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2