ᠱᠠᠩᠳᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/5/30
 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 29 ᠤ ᠡᠳᠦᠷ᠂ ᠱᠠᠩᠳᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃    ᠪᠣᠯᠪᠠᠰᠤᠷᠠᠭᠤᠯᠤᠯ ᠤᠨ ᠬᠤᠷᠠᠯ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠢ ᠤᠷᠢᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠶᠢᠨ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠲᠠᠶᠢᠯᠤᠮᠵᠢ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠤᠨ ᠣᠨᠴᠠᠯᠢᠭ᠂ ᠵᠠᠷᠴᠢᠮ ᠪᠠ ᠲᠥᠷᠥᠯ ᠵᠦᠢᠯ ᠵᠡᠷᠭᠡ ᠲᠠᠪᠤᠨ ᠲᠠᠯ᠎ᠠ ᠠᠴᠠ ᠪᠥᠬᠦ ᠲᠠᠯ᠎ᠠ ᠪᠠᠷ ᠲᠠᠶᠢᠯᠪᠤᠷᠢᠯᠠᠭᠰᠠᠨ ᠪᠥᠭᠡᠳ ᠪᠣᠳᠠᠲᠠᠶ ᠠᠵᠢᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠵᠠᠰᠠᠪᠤᠷᠢ ᠣᠷᠣᠭᠤᠯᠤᠭᠰᠠᠨ ᠲᠦᠢᠮᠣ ᠪᠠᠶᠢᠳᠠᠯ᠂ ᠵᠠᠰᠠᠪᠤᠷᠢ ᠣᠷᠣᠭᠤᠯᠤᠭᠰᠠᠨ ᠵᠦᠢᠯ ᠵᠤᠷᠪᠤᠰ ᠵᠢᠴᠢ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠬᠦ ᠶᠠᠪᠤᠴᠠ ᠳᠤ ᠠᠩᠬᠠᠷᠬᠤ ᠴᠢᠬᠤᠯᠠᠲᠠᠶ ᠠᠰᠠᠭᠤᠳᠠᠯ ᠢ ᠭᠤᠤᠯᠳᠠᠯᠭ᠎ᠠ ᠲᠠᠢ ᠲᠠᠶᠢᠯᠪᠤᠷᠢᠯᠠᠪᠠ᠃    ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠪᠣᠯᠪᠠᠰᠤᠷᠠᠭᠤᠯᠤᠯ ᠨᠢ ᠪᠣᠳᠠᠲᠠᠶ ᠲᠠᠢ ᠣᠶᠢᠷᠠᠲᠤᠵᠤ᠂ ᠠᠭᠤᠯᠭ᠎ᠠ ᠨᠢ ᠪᠠᠶᠠᠯᠢᠭ᠂ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠪᠠ ᠬᠡᠷᠡᠭᠯᠡᠭᠡᠨ ᠤ ᠴᠢᠨᠠᠷ ᠢᠶᠠᠷ ᠮᠠᠰᠢ ᠴᠢᠩᠭ᠎ᠠ ᠪᠠᠶᠢᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠶᠢᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠨᠡᠮᠡᠭᠳᠡᠭᠦᠯᠦᠭᠰᠡᠨ ᠪᠥᠭᠡᠳ ᠣᠯᠠᠨ ᠳᠤ ᠴᠦ ᠰᠤᠷᠤᠯᠴᠠᠵᠤ ᠰᠣᠯᠢᠯᠴᠠᠬᠤ ᠲᠣᠬᠢᠶᠠᠯ ᠬᠠᠩᠭᠠᠭᠰᠠᠨ ᠪᠠᠶᠢᠨ᠎ᠠ᠃    ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠡᠯ᠎ᠡ ᠲᠥᠪ ᠤᠨ ᠬᠠᠷᠢᠭᠤᠴᠠᠯᠭᠠᠲᠠᠨ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶ᠎ᠠ ᠪᠥᠬᠦᠶ ᠠᠵᠢᠯᠲᠠᠨ 50 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2